ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠭᠤᠤᠯᠳᠠᠯᠭ᠎ᠠ ᠲᠠᠢ ᠠᠵᠤ ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠭᠰᠠᠨ ᠪᠥᠭᠡᠳ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/9
  8 ᠰᠠᠷ᠎ᠠ ᠶᠢᠨ 2 ᠤᠨ ᠡᠳᠦᠷ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠷᠦᠢ ᠪᠢᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠱᠠᠩᠳᠤ ᠰᠢᠶᠠᠨ ᠳᠤ ᠬᠦᠷᠴᠦ ᠭᠤᠤᠯᠳᠠᠯᠭ᠎ᠠ ᠲᠠᠢ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠲᠤᠬᠠᠶ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠬᠦ ᠬᠤᠷᠠᠯ ᠬᠤᠷᠠᠯᠳᠤᠭᠤᠯᠪᠠ᠃ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠢ ᠭᠤᠸᠠᠩ᠂ ᠰᠢᠶᠠᠨ ᠤ ᠤᠳᠤᠷᠢᠳᠤᠯᠭ᠎ᠠ ᠸᠠᠩ ᠬᠤ᠋ ᠵᠢᠶᠦ᠋ᠨ᠂ ᠴᠢᠶᠣᠤ ᠷᠦᠢ ᠫᠢᠩ᠂ ᠰᠢᠤᠸᠠᠢ ᠮᠧᠢ᠂ ᠱᠢ ᠸᠧᠨ ᠵᠢᠤᠸᠠᠨ ᠣᠷᠣᠯᠴᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠤᠯᠠᠭᠠᠨᠴᠠᠪ ᠬᠤᠲᠠ ᠶᠢᠨ ᠾᠧᠩ ᠯᠢ ᠱᠦᠢᠨᠢ ᠶᠢᠨ ᠬᠢᠵᠠᠭᠠᠷᠲᠤ ᠺᠣᠮᠫᠠᠨᠢ᠂ ᠱᠠᠩᠳᠤ ᠰᠢᠶᠠᠨ ᠤ ᠶᠧ ᠵᠣᠣ ᠲᠡᠮᠦᠷᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠥᠩ ᠳ᠋ᠢ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠬᠤᠭᠤᠴᠠᠭ᠎ᠠ᠂ ᠱᠠᠩᠳᠤ ᠰᠢᠶᠠᠨ ᠤ ᠪᠠᠶ ᠾᠦᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠶᠠᠷᠢᠯᠴᠠᠨ ᠰᠣᠯᠢᠯᠴᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠬᠡᠯᠪᠡᠷᠢ ᠪᠠᠷ ᠳᠠᠮᠵᠢᠭᠤᠯᠤᠨ᠂ ᠳᠠᠭᠠᠭᠠᠴᠢᠯᠠᠨ ᠬᠤᠯᠪᠣᠭᠠᠯᠠᠬᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠦᠨᠳᠦᠰᠦᠨ ᠬᠦᠴᠦᠨ ᠮᠥᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠲᠠᠯ᠎ᠠ ᠪᠠᠷ ᠣᠷᠣᠯᠠᠭᠤᠯᠵᠤ ᠪᠣᠯᠤᠰᠢ ᠦᠭᠡᠢ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠲᠤᠰ ᠪᠡᠶ᠎ᠡ ᠶᠢᠨ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃    ᠲᠤᠰᠬᠠᠢ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠬᠦ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠨᠢ ᠮᠠᠨ ᠤ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠪᠣᠯᠤᠭᠰᠠᠨ ᠤ ᠬᠤᠪᠢ ᠳᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠷᠠᠳ ᠲᠦᠮᠡᠨ ᠤ ᠪᠤᠶᠠᠨ ᠵᠢᠷᠭᠠᠯ ᠢ ᠪᠠᠲᠤᠯᠠᠬᠤ ᠦᠢᠯᠡᠳᠦᠯ ᠢ ᠠᠴᠢᠶᠠᠯᠠᠵᠤ ᠪᠠᠶᠢᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠱᠠᠩᠳᠤ ᠰᠢᠶᠠᠨ ᠤ ᠪᠣᠳᠠᠲᠠᠢ ᠲᠠᠢ ᠤᠶᠠᠯᠳᠤᠭᠤᠯᠵᠤ ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠬᠠᠮᠲᠤ ᠶᠢᠨ ᠲᠠᠨᠢᠯᠲᠠ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠦᠬᠦ ᠨᠡᠶᠢᠭᠡᠮ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2