ᠱᠠᠩᠳᠤ ᠰᠢᠶᠠᠨ ᠤ ᠠᠨᠠᠭᠠᠬᠤ ᠤᠬᠠᠭᠠᠨ ᠤ ᠬᠠᠨᠳᠢᠪ ᠤᠨ ᠦᠢᠯᠡᠴᠢᠯᠡᠭᠡᠨ ᠤ ᠥᠷᠲᠡᠭᠡ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/8/9
   8 ᠰᠠᠷ᠎ᠠ ᠶᠢᠨ 6 ᠤ ᠡᠳᠦᠷ᠂ ᠱᠠᠩᠳᠤ ᠰᠢᠶᠠᠨ ᠤ ᠠᠨᠠᠭᠠᠬᠤ ᠤᠬᠠᠭᠠᠨ ᠤ ᠬᠠᠨᠳᠢᠪ ᠤᠨ ᠦᠢᠯᠡᠴᠢᠯᠡᠭᠡᠨ ᠤ ᠥᠷᠲᠡᠭᠡ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠫᠠᠶᠢᠰᠠ ᠡᠯᠭᠦᠨ ᠪᠠᠶᠢᠭᠤᠯᠤᠭᠳᠠᠪᠠ᠃ ᠱᠠᠩᠳᠤ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠸᠧᠶ ᠸᠧᠶ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ ᠡᠨᠡᠬᠦ ᠠᠷᠭ᠎ᠠ ᠬᠡᠮᠵᠢᠶ᠎ᠡ ᠨᠢ ᠰᠢᠶᠠᠨ ᠤ ᠬᠡᠪᠴᠢᠶᠡᠨ ᠳᠣᠲᠣᠷᠠᠬᠢ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪ ᠡᠷᠭᠦᠵᠡᠶ᠃    ᠠᠨᠠᠭᠠᠬᠤ ᠤᠬᠠᠭᠠᠨ ᠤ ᠬᠠᠨᠳᠢᠪ ᠤᠨ ᠦᠢᠯᠡᠴᠢᠯᠡᠭᠡᠨ ᠤ ᠥᠷᠲᠡᠭᠡ ᠨᠢ ᠠᠰᠠᠭᠤᠨ ᠯᠠᠪᠯᠠᠬᠤ ᠭᠠᠵᠠᠷ ᠪᠠ ᠭᠥᠯᠢᠶᠡᠨ ᠠᠪᠬᠤ ᠲᠠᠰᠤᠭ ᠭᠠᠷᠭᠠᠵᠤ᠂ ᠳᠠᠯᠳᠠ ᠬᠠᠨᠳᠢᠪᠯᠠᠭᠴᠢ ᠶᠢᠨ ᠲᠣᠰ ᠬᠥᠮᠦᠨ ᠵᠢᠴᠢ ᠬᠡᠷ ᠪᠦᠯᠢ ᠶᠢᠨ ᠠᠨᠠᠭᠠᠬᠤ ᠤᠬᠠᠭᠠᠨ ᠤ ᠬᠠᠨᠳᠢᠪᠯᠠᠭᠴᠢ ᠶᠢᠨ ᠬᠦᠰᠡᠯ ᠰᠠᠨᠠᠭ᠎ᠠ ᠶᠢ ᠨᠡᠪᠲᠡᠷᠡᠯᠴᠡᠨ ᠣᠶᠢᠯᠠᠭᠠᠬᠤ ᠶᠢᠨ ᠬᠠᠮᠲᠤ᠂ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠶᠢᠨ ᠵᠣᠬᠢᠴᠠᠭᠤᠯᠤᠭᠴᠢ ᠶᠢ ᠬᠠᠪᠰᠤᠷᠤᠨ ᠳᠠᠯᠳᠠ ᠬᠠᠨᠳᠢᠪᠯᠠᠭᠴᠢ ᠶᠢᠨ ᠣᠶᠢᠷ᠎ᠠ ᠲᠥᠷᠥᠯ ᠰᠠᠳᠤᠨ ᠯᠦᠭᠡ ᠨᠡᠪᠲᠡᠷᠡᠯᠴᠡᠬᠦ ᠵᠢᠴᠢ ᠬᠠᠨᠳᠢᠪᠯᠠᠬᠤ ᠠᠴᠠ ᠡᠮᠦᠨᠡᠬᠢ ᠪᠠᠶᠢᠴᠠᠭᠠᠬᠤ᠂ ᠦᠨᠡᠯᠡᠨ ᠵᠢᠱᠢᠬᠦ᠂ ᠡᠷᠬᠡᠲᠡᠨ ᠢᠶᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠠᠨᠳᠢᠪᠯᠡᠭ᠌ᠴᠢ ᠶᠢᠨ ᠭᠡᠷᠡᠴᠢᠯᠡᠯ ᠢ ᠪᠡᠶᠡᠯᠡᠭᠦᠯᠵᠦ᠂ ᠬᠠᠨᠳᠢᠪᠯᠡᠭ᠌ᠰᠠᠨ ᠭᠡᠷᠡᠴᠢ ᠶᠢ ᠪᠡᠶᠡᠯᠡᠭᠦᠯᠵᠦ᠂ ᠳᠤᠷᠠᠰᠬᠠᠵᠤ ᠳᠤᠷᠠᠰᠬᠠᠬᠤ᠂ ᠬᠥᠮᠦᠯᠢᠭ ᠬᠠᠶᠢᠷ᠎ᠠ ᠬᠠᠯᠠᠮᠵᠢ ᠶᠢ ᠳᠤᠷᠠᠰᠤᠨ ᠰᠠᠨᠠᠭᠠᠯᠵᠠᠬᠤ ᠵᠡᠷᠭᠡ ᠠᠵᠢᠯ ᠢ ᠥᠷᠨᠢᠭᠦᠯᠦᠨ᠎ᠡ᠃    ᠡᠨᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠦᠢᠯᠡᠴᠢᠯᠡᠭᠡᠨ ᠤ ᠣᠨᠣᠯᠵᠢᠬᠤᠨ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠶᠡᠭᠡ ᠬᠠᠶᠢᠷ᠎ᠠ ᠶᠢᠨ ᠬᠢᠵᠠᠭᠠᠷ ᠥᠬᠡᠶ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠰᠠᠨᠠᠭᠠᠴᠢᠯᠠᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠦᠨ ᠪᠠᠳᠠᠷᠠᠭᠤᠯᠵᠤ᠂ ︽ᠡᠷᠡᠭᠦᠯ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ︾ ᠳᠤ ᠬᠦᠴᠦᠨ ᠨᠡᠮᠡᠷᠢᠯᠡᠵᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠪᠠ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠳᠠᠪᠰᠢᠯᠲᠠ ᠶᠢ ᠠᠬᠢᠭᠤᠯᠬᠤ ᠨᠢᠭᠡ ᠶᠡᠭᠡ ᠠᠷᠭ᠎ᠠ ᠬᠡᠮᠵᠢᠶ᠎ᠡ ᠪᠣᠯᠤᠨ᠎ᠠ᠃    ᠡᠨᠡ ᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠠᠨᠠᠭᠠᠬᠤ ᠤᠬᠠᠭᠠᠨ ᠤ ᠬᠠᠨᠳᠢᠪᠯᠠᠯ ᠤᠨ ᠦᠢᠯᠡᠴᠢᠯᠡᠭᠡᠨ ᠤ ᠥᠷᠲᠡᠭᠡ ᠶᠢᠨ ᠪᠠᠶᠢᠭᠤᠯᠤᠯᠲᠠ ᠪᠠ ᠬᠥᠮᠦᠨ ᠤ ᠪᠡᠶ᠎ᠡ ᠶᠢᠨ ᠡᠷᠬᠡᠲᠡᠨ ᠬᠠᠨᠳᠢᠪᠯᠠᠬᠤ ᠶᠢ ᠳᠠᠩᠰᠠᠯᠠᠬᠤ ᠠᠵᠢᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠳᠥᠯᠭᠢᠨ ᠠᠬᠢᠭᠤᠯᠬᠤ ᠶᠢᠨ ᠲᠥᠯᠥᠭᠡ᠂ ᠢᠯᠠᠩᠭᠤᠶ᠎ᠠ ᠣᠳᠣᠬᠠᠨ ᠤ ᠣᠯᠠᠨ ᠲᠦᠮᠡᠨ ᠤ ᠲᠣᠰ ᠠᠵᠢᠯ ᠤᠨ ᠲᠤᠬᠠᠶ ᠮᠡᠳᠡᠬᠦ ᠬᠡᠮᠵᠢᠶ᠎ᠡ ᠨᠢ ᠥᠨᠳᠥᠷ ᠪᠢᠰᠢ᠂ ᠳᠡᠩᠰᠡᠯᠡᠨ ᠲᠡᠮᠳᠡᠭᠯᠡᠬᠦ ᠪᠠ ᠣᠷᠣᠯᠴᠠᠬᠤ ᠬᠡᠮᠵᠢᠶ᠎ᠡ ᠨᠢ ᠳᠣᠤᠷ᠎ᠠ ᠪᠠᠶᠢᠭ᠎ᠠ ᠪᠣᠳᠠᠲᠠᠶ ᠪᠠᠶᠢᠳᠠᠯ ᠳᠤ ᠴᠢᠭᠯᠡᠭᠦᠯᠦᠨ᠂ ᠡᠨᠡ ᠵᠢᠯ ᠤᠨ 5 ᠰᠠᠷ᠎ᠠ ᠳᠤ ᠬᠤᠪᠢ ᠭᠠᠷᠭᠠᠵᠤ᠂ ᠠᠨᠠᠭᠠᠬᠤ ᠤᠬᠠᠭᠠᠨ ᠤ ᠬᠠᠨᠳᠢᠪ ᠤᠨ ᠦᠢᠯᠡᠴᠢᠯᠡᠭᠡᠨ ᠤ ᠥᠷᠲᠡᠭᠡ ᠪᠠᠶᠢᠭᠤᠯᠬᠤ ᠠᠵᠢᠯ ᠤᠨ ᠲᠤᠬᠠᠶ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠷᠠᠳ ᠤᠨ ᠡᠮᠨᠡᠯᠭᠡ ᠶᠢᠨ ᠬᠤᠷᠢᠶᠠᠨ ᠤ ᠬᠤᠯᠪᠣᠭᠳᠠᠯ ᠪᠥᠬᠦᠶ ᠬᠥᠮᠦᠰ ᠤᠨ ᠣᠷᠣᠯᠴᠠᠭᠰᠠᠨ ᠠᠵᠢᠯ ᠢ ᠳᠥᠯᠭᠢᠨ ᠠᠬᠢᠭᠤᠯᠬᠤ ᠬᠤᠷᠠᠯ ᠢ ᠲᠤᠰᠬᠠᠶᠢᠯᠠᠨ ᠬᠤᠷᠠᠯᠳᠤᠭᠤᠯᠵᠤ᠂ ᠮᠠᠨ ᠤ ᠰᠢᠶᠠᠨ ᠤ ᠠᠨᠠᠭᠠᠬᠤ ᠤᠬᠠᠭᠠᠨ ᠤ ᠬᠠᠨᠳᠢᠪ ᠤᠨ ᠦᠢᠯᠡᠴᠢᠯᠡᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠡᠯ᠎ᠡ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠨᠠᠷᠢᠯᠢᠬᠵᠢᠭᠤᠯᠵᠤ᠂ ᠠᠨᠠᠭᠠᠬᠤ ᠤᠬᠠᠭᠠᠨ ᠤ ᠬᠠᠨᠳᠢᠪ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2