ᠭᠤᠤ ᠶᠦᠩ ᠪᠢᠨ ᠬᠡᠰᠡᠭ ᠰᠢᠶᠠᠨ ᠤ ᠰᠢᠭᠤᠳ ᠬᠠᠷᠢᠶ᠎ᠠ ᠨᠢᠭᠡᠴᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/9
   8 ᠰᠠᠷ᠎ᠠ ᠶᠢᠨ 6 ᠤ ᠡᠳᠦᠷ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠬᠡᠰᠡᠭ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠰᠢ ᠼᠦᠢ ᠴᠢᠨ᠂ ᠴᠧᠨ ᠶᠠ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠭᠤᠤ ᠶᠦᠩ ᠪᠢᠨ ᠤᠷᠢᠳ ᠬᠤᠵᠢᠳ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠂ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠰᠢᠶᠠᠨ ᠤ ᠬᠢᠨᠠᠨ ᠪᠤᠳᠤᠬᠤ ᠲᠣᠪᠴᠢᠶ᠎ᠠ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠱᠠᠩᠳᠤ ᠶᠢᠨ ᠬᠤᠪᠢᠶᠠᠷᠢ ᠲᠣᠪᠴᠢᠶ᠎ᠠ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠤᠯᠳᠠᠯᠭ᠎ᠠ ᠲᠠᠢ ᠠᠵᠢᠯ ᠤᠨ ᠥᠷᠨᠢᠯᠲᠡ᠂ ᠤᠳᠤᠷᠢᠳᠬᠤ ᠪᠠᠭ ᠤᠨ ᠪᠠᠶᠢᠭᠤᠯᠤᠯᠲᠠ᠂ ᠺᠠᠳ᠋ᠷ ᠤᠨ ᠡᠩᠨᠡᠭᠡ᠂ ᠬᠦᠴᠢᠷᠳᠡᠯ ᠠᠰᠠᠭᠤᠳᠠᠯ᠂ ᠰᠡᠳᠬᠢᠴᠡ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠭᠤᠤ ᠶᠦᠩ ᠪᠢᠨ ᠡᠯ᠎ᠡ ᠰᠠᠯᠠᠭ᠎ᠠ ᠮᠥᠴᠢᠷ ᠤᠨ ᠠᠵᠢᠯ ᠢ ᠭᠦᠢᠴᠡᠳ ᠨᠤᠲᠠᠯᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠴᠠᠢ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠰᠠᠯᠠᠭ᠎ᠠ ᠮᠦᠴᠢᠷ ᠤᠨ ᠬᠤᠭᠤᠷᠤᠨᠳᠤᠬᠢ ᠨᠡᠪᠳᠡᠷᠡᠯᠴᠡᠭᠡ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠬᠠᠮᠳᠤᠷᠠᠯ ᠬᠦᠴᠦᠨ ᠢ ᠪᠤᠢ ᠪᠤᠯᠭᠠᠵᠤ᠂ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠳᠡᠷ ᠲᠤ ᠭᠠᠷᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2