ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠬᠠᠯᠠᠭᠤᠨ ᠳᠤᠯᠠᠭᠠᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/9
  8 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠪᠦᠯᠬᠦᠮ ᠳᠠᠭᠠᠭᠤᠯᠤᠨ ᠸᠧᠨ ᠨᠢᠩ ᠵᠢᠤᠢ ᠬᠤᠩ ᠢᠯᠴᠢ ᠶᠢᠨ ᠬᠦᠴᠦᠨ᠂ ᠢ ᠠᠨ ᠢᠯᠴᠢ ᠶᠢᠨ ᠬᠦᠴᠦᠨ᠂ ᠬᠤᠩ ᠱᠧᠩ ᠢᠯᠴᠢ ᠶᠢᠨ ᠬᠦᠴᠦᠨ ᠵᠡᠷᠭᠡ ᠢᠯᠴᠢ ᠬᠠᠩᠭᠠᠬᠤ ᠺᠣᠮᠫᠠᠨᠢ ᠵᠢᠴᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠰᠣᠯᠢᠯᠴᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠢᠨᠵᠧᠨᠧᠷᠢᠩ ᠤᠨ ᠲᠦᠢᠮᠣ ᠪᠠᠶᠢᠳᠠᠯ᠂ ᠲᠥᠷᠥᠯ ᠵᠦᠢᠯ ᠤᠨ ᠥᠭᠡᠷᠡᠴᠢᠯᠡᠯᠲᠡ ᠶᠢᠨ ᠠᠬᠢᠴᠠ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠷᠦᠢ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠶᠠᠩ ᠸᠧᠨ ᠾᠦᠢ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ᠵᠢᠷᠭᠤᠭᠠᠨ ᠢᠨᠵᠧᠨᠧᠷᠢᠩ ᠤᠨ ᠨᠢᠭᠡ ᠪᠣᠯᠤᠨ᠎ᠠ᠂ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠯᠠᠭᠠᠯᠠᠭ᠎ᠠ ᠬᠠᠩᠭᠠᠬᠤ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠪᠠᠷᠢᠬᠤ ᠰᠢᠵᠢᠷ ᠠᠯᠳᠠᠨ ᠬᠤᠭᠤᠴᠠᠭ᠎ᠠ ᠶᠢ ᠠᠮᠵᠢᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠵᠤ᠂ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠲᠦᠷᠦᠯ ᠵᠦᠢᠯ ᠤᠨ ᠪᠠᠷᠢᠯᠭ᠎ᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ ᠠᠷᠠᠳ ᠤᠨ ᠪᠣᠳᠠᠲᠠᠢ ᠠᠰᠠᠭᠤᠳᠠᠯ ᠢ ᠦᠨᠡᠨ ᠠᠴᠠ ᠵᠥᠪ ᠢ ᠡᠷᠢᠵᠦ ᠰᠢᠢᠳᠪᠦᠷᠢᠯᠡᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠰᠠᠶᠢᠲᠤᠷ ᠪᠣᠳᠠᠲᠠᠢ ᠬᠢᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2