ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠱᠠᠩᠳᠤ ᠰᠢᠶᠠᠨ ᠳᠤ ᠬᠦᠷᠴᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/9
  ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠤᠷ᠎ᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 7 ᠤ ᠡᠳᠦᠷ᠂ ᠤᠯᠠᠭᠠᠨᠴᠠᠪ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠱᠠᠩᠳᠤ ᠰᠢᠶᠠᠨ ᠳᠤ ᠬᠦᠷᠴᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃    ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠲᠦᠷᠢᠮ ᠤᠨ ᠰᠠᠯᠠᠭᠠᠨ ᠤ ᠳᠠᠷᠤᠭ᠎ᠠ ᠫᠧᠩ ᠵᠢᠶᠧ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠲᠦᠷᠢᠮ︾ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠃ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠠᠷᠢᠭᠤᠴᠠᠯᠭᠠᠲᠤ ᠤᠬᠠᠮᠰᠠᠷ ᠂ ᠠᠮᠤᠷ ᠲᠦᠪᠰᠢᠨ ᠤ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠠᠮᠤᠷ ᠲᠦᠪᠰᠢᠨ ᠡᠵᠡᠩᠨᠡᠬᠦ᠂ ᠵᠢᠷᠤᠮᠵᠢᠭᠤᠯᠤᠨ ᠬᠠᠮᠢᠶᠠᠷᠬᠤ ᠶᠢ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ    ᠪᠦᠬᠦ ᠰᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ 80 ᠭᠠᠷᠤᠢ ᠬᠥᠮᠦᠨ ᠣᠷᠣᠯᠴᠠᠪᠠ᠃ ᠬᠤᠷᠠᠯ ᠤᠨ ᠳᠠᠷᠠᠭ᠎ᠠ ᠠᠶᠤᠯᠭᠦᠶ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠰᠡᠨ ᠪᠥᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠤᠯᠢ ᠲᠦᠭᠡᠮᠡᠯᠵᠢᠭᠦᠯᠬᠦ ᠮᠡᠳᠡᠯᠭᠡ ᠶᠢᠨ ᠤᠷᠤᠯᠳᠤᠭᠠᠨ ᠶᠠᠪᠤᠭᠤᠯᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2