ᠱᠠᠩᠳᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠰᠬᠠᠢ ᠰᠡᠳᠦᠪᠲᠦ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/9
   8 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠰᠬᠠᠢ ᠰᠡᠳᠦᠪᠲᠦ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠡᠯ᠎ᠡ ᠰᠢᠶᠠᠩ ᠪᠠᠯᠭᠠᠰᠤ᠂ ᠭᠤᠣᠯᠳᠠᠯᠭ᠎ᠠ ᠲᠠᠢ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠢᠶᠠᠩ ᠪᠠᠯᠭᠠᠰᠤ ᠪᠣᠯᠤᠨ ᠬᠤᠯᠪᠣᠭᠳᠠᠯ ᠪᠦᠬᠦᠢ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠤᠨ ᠠᠬᠢᠴᠠ ᠶᠢᠨ ᠪᠠᠶᠢᠳᠠᠯ ᠵᠢᠴᠢ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢ ᠲᠠᠷᠬᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠡᠯ᠎ᠡ ᠰᠢᠶᠠᠩ ᠪᠠᠯᠭᠠᠰᠤ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠠᠷᠭ᠎ᠠ ᠬᠡᠮᠵᠢᠶ᠎ᠡ ᠶᠢ ᠰᠤᠯᠠᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠴᠢᠨᠠᠭᠰᠢᠳᠠ ᠪᠦᠷᠢᠨᠰᠢᠬᠦᠯᠵᠦ᠂ ᠬᠢᠨᠠᠨ ᠬᠡᠮᠵᠢᠵᠦ ᠢᠯᠭᠠᠨ ᠲᠠᠨᠢᠬᠤ ᠶᠢ ᠦᠷᠭᠦᠯᠵᠢᠯᠡᠨ ᠪᠣᠳᠠᠲᠠᠢ ᠨᠠᠷᠢᠯᠢᠭ ᠠᠳᠬᠤᠵᠤ ᠂ ᠠᠶᠤᠯ ᠲᠦᠭᠰᠢᠭᠦᠷᠢ ᠶᠢ ᠠᠷᠢᠯᠭᠠᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ᠂ ᠡᠮ ᠡᠮᠨᠡᠯᠭᠡ ᠂ ᠣᠷᠣᠨ ᠰᠠᠭᠤᠴᠠ᠂ ᠤᠤᠭᠤᠬᠤ ᠤᠰᠤ᠂ ᠦᠨᠳᠦᠰᠦᠨ ᠵᠦᠢᠯ ᠢ ᠪᠠᠲᠤᠯᠠᠬᠤ᠂ ᠠᠵᠤ ᠦᠢᠯᠡᠰ᠂ ᠠᠵᠢᠯ ᠣᠯᠭᠤᠯᠲᠠ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠣᠯᠭᠤᠬᠤ᠂ ᠴᠡᠭᠴᠡᠯᠡᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠠᠬᠢᠭᠤᠯᠵᠤ᠂ ᠵᠣᠷᠢᠭᠲᠠᠢ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠡᠮᠬᠢ ᠵᠢᠷᠤᠮ ᠲᠠᠢ ᠯᠠᠪᠳᠠᠭᠤᠨ ᠪᠠᠲᠤᠲᠠᠢ ᠥᠷᠨᠢᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠰᠢᠶᠠᠨ ᠤ ᠨᠠᠮ ᠤᠨ ᠬᠤᠷᠢᠶ᠎ᠠ ᠶᠢᠨ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠠᠯᠪᠠᠨ ᠬᠡᠷ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠲᠥᠪ ᠤᠨ ᠦᠢᠯᠡᠳᠦᠯ ᠢᠶᠠᠨ ᠪᠠᠳᠠᠷᠠᠭᠤᠯᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠨ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠠᠭ ᠲᠤᠨᠢ ᠳᠣᠭᠢᠷᠠᠭᠤᠯᠤᠨ ᠲᠤᠰᠬᠠᠶ ᠬᠥᠮᠦᠨ ᠢ ᠵᠣᠬᠢᠶᠠᠨ ᠪᠠᠶᠢᠭᠤᠯᠵᠤ᠂ ᠡᠯ᠎ᠡ ᠰᠢᠶᠠᠩ ᠪᠠᠯᠭᠠᠰᠤ ᠡᠯ᠎ᠡ ᠬᠠᠮᠢᠶ᠎ᠠ ᠪᠥᠬᠦᠶ ᠨᠢᠭᠡᠴᠡ ᠶᠢᠨ ︽ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠪᠠᠬᠢᠵᠢᠭᠦᠯᠬᠦ︾ ᠠᠵᠢᠯ ᠢ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2