ᠱᠠᠩᠳᠤ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/9
   8 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ ᠱᠠᠩᠳᠤ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠵᠠᠩ ᠰᠢᠨ ᠭᠦᠸᠧ ᠬᠤᠷᠠᠯ ᠳᠤ ᠣᠷᠣᠯᠴᠠᠪᠠ᠃ ᠡᠯ᠎ᠡ ᠭᠤᠣᠯᠳᠠᠯᠭ᠎ᠠ ᠲᠠᠢ ᠡᠭᠦᠷᠭᠡ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃    ᠬᠤᠷᠠᠯ ᠠᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠭᠰᠡᠨ ᠪᠥᠭᠡᠳ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠰᠢᠶᠠᠩ ᠪᠠᠯᠭᠠᠰᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠨ ᠨᠠᠶᠢᠳᠠᠪᠤᠷᠢᠵᠢᠭᠤᠯᠬᠤ ᠬᠡᠷᠡᠭᠲᠡᠢ᠃ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ ᠱᠠᠯᠠᠪᠳᠠᠨ ᠠᠬᠢᠭᠤᠯᠬᠤ ᠬᠡᠷᠡᠭᠲᠡᠶ᠃ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠪᠰᠤᠷᠤᠯᠴᠠᠭ᠎ᠠ ᠪᠠᠶᠢᠭᠤᠯᠤᠭᠰᠠᠨ ᠨᠢᠭᠡᠴᠡ ᠲᠠᠢ ᠬᠠᠷᠢᠯᠴᠠᠵᠤ ᠵᠣᠯᠭᠠᠭᠤᠯᠵᠤ᠂ ᠬᠠᠪᠰᠤᠷᠤᠨ ᠲᠡᠳᠬᠦᠬᠦ ᠪᠡᠯᠡ ᠮᠥᠩᠭᠦ ᠶᠣᠰᠣᠭᠠᠷ ᠲᠦᠷᠦᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠪᠡᠯᠡ ᠮᠥᠩᠭᠦ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠪᠥᠬᠦ ᠲᠠᠯ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠪᠣᠶ ᠪᠣᠯᠭᠠᠵᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠣᠰᠣᠭᠠᠷ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠭ᠎ᠠ ᠪᠠᠷᠢᠮᠲᠠ ᠶᠢ ᠪᠦᠷᠢᠳᠬᠡᠬᠦ ᠠᠵᠢᠯ ᠢ ᠪᠣᠳᠠᠲᠠᠶᠢᠵᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠢᠯ ᠤᠨ ᠪᠣᠷᠣᠯᠠᠭᠤᠯᠭ᠎ᠠ ᠶᠢᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2