︽ᠲᠦᠯ ᠤᠨ ᠪᠦᠷᠢᠨ ᠲᠡᠭᠦᠯᠳᠡᠷ︕︾ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠡᠳᠡᠭᠡᠷ | ᠡᠮᠴᠢ ᠳᠤ ᠦᠨᠡᠬᠡᠷ ᠲᠠᠯᠠᠷᠬᠠᠵᠤ ᠪᠠᠢᠨ᠎ᠠ᠂ ᠴᠠᠭ ᠲᠤᠬᠠᠢ ᠳᠤᠨᠢ ᠪᠢᠰᠢ᠂ ᠪᠣᠳᠣᠵᠤ ᠦᠵᠡᠭᠰᠡᠨ ᠴᠦ ᠪᠥᠷ ᠠᠶᠤᠵᠤ︕︾ | ᠭᠡᠪᠡ᠃ 8 ᠰᠠᠷ᠎ᠠ ᠶᠢᠨ 5 ᠤ ᠡᠳᠦᠷ᠂ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ | ᠰᠠᠯᠠᠭᠠᠨ ᠤ ᠡᠪᠡᠳᠴᠢᠲᠡᠨ ᠤ ᠦᠷᠦᠭᠡ ᠶᠢᠨ ᠳᠣᠲᠣᠷ᠎ᠠ ᠲᠠᠯ᠎ᠠ ᠠᠴᠠ ᠭᠡᠷ ᠪᠠᠶᠢᠴᠠᠭᠠᠬᠤ ᠪᠠᠷ ᠢᠷᠡᠭᠰᠡᠨ ᠡᠮᠴᠢ | ᠰᠤᠪᠢᠯᠠᠭᠴᠢᠳ ᠢ ᠴᠢ ᠲᠠᠢ ᠪᠠᠯᠭᠠᠰᠤᠨ ᠤ ᠨᠡᠶᠢᠭᠡᠮ ᠲᠣᠭᠤᠷᠢᠭ ᠤᠨ 67 ᠨᠠᠰᠤᠲᠠᠢ ᠰᠠᠭᠤᠭᠠᠯᠢ ᠠᠷᠠᠳ ᠵᠦ ᠴᠢᠶᠠᠩ ︵ | ᠪᠤᠷᠤᠭᠤᠯᠠᠭᠰᠠᠨ︶ ᠶᠢᠨ ᠭᠡᠷ ᠪᠦᠯᠢ ᠶᠢᠨ ᠬᠢᠨ ᠨᠢᠭᠤᠷ ᠳᠦᠭᠦᠷᠡᠩ ᠢᠨᠢᠶᠡᠮᠰᠦᠭᠯᠡᠯ ᠢᠶᠠᠷ ᠬᠡᠯᠡᠭᠰᠡᠨ ᠨᠢ᠂ ᠡᠨᠡ ᠨᠢ ᠬᠡᠷᠪᠡ | ᠪᠡᠭᠡᠵᠢᠩ ᠤᠨ ᠶᠡᠭᠡ ᠡᠮᠨᠡᠯᠭᠡ ᠶᠢᠨ ᠬᠤᠷᠢᠶᠠᠨ ᠳᠤ ᠣᠴᠢᠵᠤ ᠵᠠᠮ ᠳᠣᠩᠰᠣᠯᠭᠠᠪᠠᠯ ᠬᠡᠯᠡᠬᠦ ᠦᠭᠡᠢ ᠪᠣᠯ ᠴᠠᠭ ᠵᠠᠷᠤᠴᠠᠭᠤᠯᠵᠤ᠂ | ᠪᠠᠰᠠ ᠰᠠᠭᠠᠲᠠᠬᠤ ᠠᠴᠠ ᠠᠶᠤᠵᠤ ᠪᠠᠶᠢᠨ᠎ᠠ᠃ | 8 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ 120 ᠲᠦᠷᠭᠡᠨ ᠠᠪᠤᠷᠠᠯᠲᠠ ᠶᠢᠨ | ᠲᠡᠷᠭᠡ ᠪᠠᠷ ᠱᠠᠩᠳᠦ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠦᠭ ᠠᠶᠠᠯᠠᠪᠠ᠃ ᠲᠡᠷᠭᠡᠨ ᠳᠡᠭᠡᠷ᠎ᠡ ᠪᠣᠯ ᠪᠤᠰᠤᠳ | ᠡᠮᠨᠡᠯᠭᠡ ᠶᠢᠨ ᠬᠤᠷᠢᠶᠠᠨ ᠤ ᠰᠢᠯᠵᠢᠭᠦᠯᠦᠨ ᠡᠮᠨᠡᠭᠦᠯᠵᠦ ᠢᠷᠡᠭᠰᠡᠨ ᠬᠦᠨᠳᠦ ᠲᠦᠭᠰᠢᠭᠦᠷᠢᠲᠡᠢ ᠡᠪᠡᠳᠴᠢᠲᠡᠨ ᠪᠣᠯᠤᠨ᠎ᠠ᠂ | ᠬᠡᠳᠦᠨ ᠮᠢᠨᠦ᠋ᠲ ᠬᠦᠷᠦᠭᠰᠡᠨ ᠤ ᠳᠠᠷᠠᠭ᠎ᠠ ᠰᠢᠭᠤᠳ ᠵᠢᠷᠦᠬᠡᠨ ᠤ ᠰᠠᠯᠠᠭᠠᠨ ᠳᠤ ᠬᠦᠷᠭᠡᠭᠳᠡᠪᠡ᠂ ᠠᠯᠢ ᠡᠷᠲᠡ ᠠᠳᠡ | ᠬᠦᠯᠢᠶᠡᠵᠦ ᠪᠠᠶᠢᠭᠰᠠᠨ ᠡᠮᠴᠢ ᠰᠤᠪᠢᠯᠠᠭᠴᠢ ᠭᠥᠯᠢᠶᠡᠨ ᠠᠪᠴᠤ ᠡᠮᠨᠡᠭᠰᠡᠨ ᠤ ᠳᠠᠷᠠᠭ᠎ᠠ᠂ ᠲᠦᠷᠭᠡᠨ ᠴᠢᠨᠠᠷᠲᠠᠶ ᠵᠢᠷᠦᠬᠡᠨ | ᠪᠤᠯᠴᠢᠩ ᠤᠨ ᠲᠦᠭᠵᠢᠷᠡᠭᠰᠡᠨ ᠠᠴᠠ ᠪᠣᠯᠤᠭᠰᠠᠨ Ⅲ ᠲᠠᠰ ᠤᠨ ᠬᠡᠷ ᠪᠠᠶᠢᠰᠢᠩ ᠤᠨ ᠲᠠᠰᠤᠭ ᠲᠤ ᠬᠠᠰᠢᠭᠳᠠᠭᠰᠠᠨ | ᠡᠪᠡᠳᠴᠢᠲᠡᠨ ᠢ ᠳᠠᠬᠢᠨᠲᠠ ᠨᠤᠲᠠᠯᠠᠭᠰᠠᠨ ᠤ ᠳᠠᠷᠠᠭ᠎ᠠ᠂ ᠲᠡᠷᠡ ᠳᠠᠷᠤᠶ ᠳᠤᠨᠢ ᠮᠡᠰᠡ ᠵᠠᠰᠠᠯ ᠬᠢᠬᠦ ᠠᠴᠠ ᠡᠮᠦᠨᠡᠬᠢ ᠪᠡᠯᠡᠳᠬᠡᠯ | ᠬᠢᠵᠦ᠂ 9᠄ 50 ᠠᠴᠠ ᠡᠬᠢᠯᠡᠨ ᠮᠡᠰᠡ ᠵᠠᠰᠠᠯ ᠬᠢᠵᠡᠢ᠃ | ᠶᠠᠭ ᠰᠠᠶ᠋ᠢᠬᠠᠨ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠰᠠᠭᠤᠵᠤ ᠪᠠᠶᠢᠭ᠎ᠠ ᠥᠪᠥᠷ ᠮᠣᠩᠭᠤᠯ ᠤᠨ | ᠠᠷᠠᠳ ᠤᠨ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠯᠭᠡ ᠶᠢᠨ ᠳᠣᠲᠣᠷ ᠰᠠᠯᠠᠭᠠᠨ ᠤ ᠡᠷᠬᠢᠯᠡᠭᠴᠢ ᠾᠧ ᠸᠧᠨ ᠱᠤᠸᠠᠢ᠂ | ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠡᠷᠬᠢᠯᠡᠭᠴᠢ ᠵᠠᠩ ᠰᠢᠤᠸᠠᠢ | ᠸᠧᠨ᠂ ᠶᠡᠭᠡ ᠡᠮᠴᠢ ᠪᠠᠶ ᠵᠢᠶ ᠵᠡᠷᠭᠡ ᠡᠮᠴᠢ ᠰᠤᠪᠢᠯᠠᠭᠴᠢᠳ ᠡᠪᠡᠳᠴᠢᠲᠡᠨ ᠤ ᠲᠤᠬᠠᠶ ᠶᠢᠨ ᠦᠶ᠎ᠡ ᠶᠢᠨ ᠵᠢᠷᠦᠬᠡᠨ ᠤ ᠨᠣᠷᠮ᠎ᠠ | ᠵᠥᠪᠬᠡᠨ 20 ᠤᠳᠠᠭᠠᠨ ᠤ ᠠᠶᠤᠯ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ᠂ ᠠᠶᠤᠯ ᠲᠦᠭᠰᠢᠭᠦᠷᠢ ᠠᠴᠠ ᠪᠣᠯᠵᠤ | ᠡᠮᠬᠢ ᠵᠠᠮᠪᠠᠷᠠᠭ᠎ᠠ ᠦᠭᠡᠢ ᠪᠠᠶᠢᠵᠤ᠂ ᠨᠢᠭᠲᠠ ᠬᠠᠮᠵᠢᠯᠴᠠᠨ᠂ ᠨᠠᠷᠢᠯᠢᠭ ᠠᠵᠢᠯᠯᠠᠵᠤ᠂ ᠡᠷᠡᠰ ᠰᠢᠭᠤᠷᠬᠠᠶ ᠪᠠᠷ ᠵᠢᠷᠦᠬᠡᠨ ᠤ | ᠯᠤᠭᠰᠢᠯᠲᠠ ᠶᠢᠨ ᠪᠠᠭᠠᠵᠢ ᠬᠢᠵᠦ᠂ ᠬᠡᠪ ᠤᠨ ᠪᠠᠶᠢᠳᠠᠯ ᠢᠶᠠᠨ ᠰᠡᠷᠭᠦᠭᠡᠭᠰᠡᠨ ᠤ ᠳᠠᠷᠠᠭ᠎ᠠ ᠲᠢᠲᠢᠮ ᠰᠤᠳᠠᠯ ᠤᠨ ᠳᠦᠷᠰᠦ | ᠪᠦᠲᠦᠭᠡᠪᠡ᠃ ᠡᠨᠡ ᠬᠦ ᠴᠠᠭ ᠮᠥᠴᠡ ᠳᠤ᠂ ᠮᠡᠰᠡ ᠵᠠᠰᠠᠯ ᠤᠨ ᠭᠡᠷ ᠳᠣᠲᠣᠷ᠎ᠠ ᠮᠠᠰᠢ ᠣᠯᠠᠨ ᠨᠠᠮ ᠵᠢᠮ ᠪᠠᠶᠢᠵᠤ᠂ ᠲᠣᠨᠤᠭ | ᠲᠥᠬᠦᠭᠡᠷᠦᠮᠵᠢ ᠶᠢᠨ ᠳᠦᠭᠦᠮᠬᠡᠨ ᠬᠦᠩᠭᠢᠨᠡᠬᠦ ᠳᠠᠭᠤᠨ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠠᠶᠠᠷᠬᠠᠨ ᠮᠥᠷᠭᠦᠯᠳᠦᠬᠦ | ᠳᠠᠭᠤᠨ ᠪᠠ ᠡᠮᠴᠢ ᠠᠵᠢᠯᠲᠠᠨ ᠤ ᠠᠮᠢᠰᠬᠤᠯ ᠤᠨ ᠳᠠᠭᠤᠨ ᠥᠴᠦᠬᠡᠨ ᠴᠦ ᠬᠥᠯᠥᠰᠥ ᠤᠷᠤᠰᠬᠠᠭᠠᠳ ᠡᠮᠴᠢ ᠠᠵᠢᠯᠲᠠᠨ ᠤ | ᠬᠤᠪᠴᠠᠰᠤ ᠡᠮᠦᠰᠦᠭᠰᠡᠨ ᠪᠠᠶᠢᠨ᠎ᠠ᠃ ᠪᠠᠴᠢᠮᠳᠠᠯ ᠤᠨ ᠬᠡᠮᠵᠢᠶ᠎ᠡ ᠨᠢ ᠬᠦᠮᠦᠨ ᠢ ᠴᠣᠴᠢᠭᠠᠮ ᠢᠶᠠᠷ ᠳᠦᠷᠰᠦᠯᠡᠵᠦ ᠪᠣᠯᠤᠨ᠎ᠠ᠃ | ᠮᠡᠰᠡ ᠵᠠᠰᠠᠯ ᠠᠴᠠ ᠪᠠᠷᠠᠭᠤᠨ ᠮᠠᠯᠠᠭᠠᠢ ᠶᠢᠨ ᠣᠶᠢᠷ᠎ᠠ ᠦᠵᠦᠭᠦᠷ ᠢ ᠪᠢᠲᠡᠭᠦᠯᠡᠵᠦ᠂ ᠴᠢᠰᠤᠨ ᠰᠤᠳᠠᠯ ᠢ ᠨᠡᠭᠡᠭᠡᠭᠰᠡᠨ ᠤ | ᠳᠠᠷᠠᠭ᠎ᠠ ᠨᠢᠭᠡ ᠰᠢᠷᠬᠡᠭ ᠢ ᠠᠮᠵᠢᠯᠲᠠ ᠲᠠᠢ ᠲᠠᠯᠪᠢᠵᠤ᠂ ᠡᠮᠦᠨ᠎ᠡ ᠬᠤᠶᠢᠨ᠎ᠠ ᠨᠢᠭᠡ ᠴᠠᠭ ᠭᠠᠷᠤᠶ ᠶᠢᠨ ᠮᠡᠰᠡ ᠵᠠᠰᠠᠯ ᠢ | ᠤᠷᠤᠭᠰᠢᠲᠠᠶ ᠪᠡᠶᠡᠯᠡᠭᠦᠯᠦᠭᠰᠡᠨ ᠪᠠᠶᠢᠨ᠎ᠠ᠃ | ᠣᠳᠣᠬᠠᠨ ᠳᠤ᠂ ᠡᠮᠴᠢ ᠰᠤᠪᠢᠯᠠᠭᠴᠢ ᠶᠢᠨ ᠨᠠᠷᠢᠨ ᠨᠢᠮᠪᠠᠶ ᠰᠤᠪᠢᠯᠠᠯᠲᠠ ᠬᠢᠵᠦ᠂ ᠰᠢᠩᠭᠡᠨ ᠶᠡᠭᠦᠯᠡᠬᠦ ᠵᠡᠷᠭᠡ | ᠦᠷᠭᠦᠯᠵᠢᠯᠡᠨ ᠡᠮᠨᠡᠭᠦᠯᠵᠦ ᠪᠠᠶᠢᠨ᠎ᠠ᠂ ᠵᠦ ᠴᠢᠶᠠᠩ ᠤᠨ ᠴᠢᠷᠠᠢ ᠠᠭᠠᠵᠢᠮ ᠢᠶᠠᠷ ᠤᠯᠠᠶᠢᠵᠤ᠂ ᠵᠣᠷᠢᠭ ᠰᠠᠨᠠᠭ᠎ᠠ ᠲᠠᠢ ᠪᠣᠯᠵᠣ᠂ | ᠨᠡᠯᠢᠶᠡᠳ ᠰᠠᠶᠢᠨ ᠰᠡᠷᠭᠦᠵᠦ᠂ ᠵᠢᠱᠢᠯᠲᠡ ᠪᠠᠷ ᠨᠢᠭᠡ ᠭᠠᠷᠠᠭ ᠤᠨ ᠳᠠᠷᠠᠭ᠎ᠠ ᠡᠮᠨᠡᠯᠭᠡ ᠠᠴᠠ ᠭᠠᠷᠬᠤ ᠪᠣᠯᠤᠨ᠎ᠠ᠃ ᠵᠦ | ᠴᠢᠶᠠᠩ ᠤᠨ ᠲᠤᠬᠠᠶ ᠶᠢᠨ ᠦᠶ᠎ᠡ ᠶᠢᠨ ᠬᠦᠴᠢᠷ ᠵᠣᠪᠠᠭᠤᠷᠢ ᠲᠠᠢ ᠪᠠᠶᠢᠳᠠᠯ ᠢ ᠶᠠᠷᠢᠬᠤ ᠳᠤ᠂ ᠭᠡᠷ ᠪᠦᠯᠢ ᠶᠢᠨ ᠬᠢᠨ ᠮᠥᠨ ᠯᠡ | ᠵᠢᠷᠦᠬᠡ ᠲᠦᠭᠰᠢᠵᠦ᠂ ᠠᠵᠠ ᠵᠠᠪᠰᠢᠶᠠᠨ ᠢᠶᠠᠷ ᠰᠠᠶᠢᠨ ᠡᠮᠴᠢ ᠲᠠᠢ ᠲᠠᠭᠠᠷᠠᠯᠳᠤᠵᠤ᠂ ᠮᠡᠰᠡ ᠵᠠᠰᠠᠯ ᠬᠢᠪᠡᠯ ᠠᠮᠵᠢᠯᠲᠠ ᠣᠯᠵᠤ᠂ | ᠤᠳᠤ ᠡᠴᠦᠰ ᠲᠡᠭᠡᠨ ᠠᠮᠢᠰᠬᠤᠭ᠎ᠠ ᠪᠠᠨ ᠰᠤᠯᠠᠷᠠᠭᠤᠯᠵᠤ ᠪᠣᠯᠤᠨ᠎ᠠ᠃ | | | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ | |