ᠱᠠᠩᠳᠤ ᠰᠢᠶᠠᠨ ᠠᠩᠬᠠᠳᠤᠭᠠᠷ ᠬᠤᠭᠤᠴᠠᠭᠠᠨ ᠤ ︽ᠡᠷᠡᠭᠦᠯ ᠮᠡᠨᠳᠦ ᠬᠤᠨᠳᠠᠭᠠᠲᠤ︾ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠮᠡᠳᠡᠯᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/8/9
  ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠮᠡᠳᠡᠯᠭᠡ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠬᠥᠮᠦᠨ ᠪᠦᠬᠦᠨ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ 8 ᠰᠠᠷ᠎ᠠ ᠶᠢᠨ 7 ᠤ ᠡᠳᠦᠷ᠂ ᠱᠠᠩᠳᠤ ᠰᠢᠶᠠᠨ ᠠᠩᠬᠠᠳᠤᠭᠠᠷ ᠬᠤᠭᠤᠴᠠᠭᠠᠨ ᠤ ︽ᠡᠷᠡᠭᠦᠯ ᠮᠡᠨᠳᠦ ᠬᠤᠨᠳᠠᠭᠠᠲᠤ︾ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠮᠡᠳᠡᠯᠭᠡ ᠶᠢᠨ ᠤᠷᠤᠯᠳᠤᠭᠠᠨ ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠶᠢ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠱᠠᠩᠳᠤ ᠰᠢᠶᠠᠨ ᠲᠦᠩ ᠯᠦ ᠳᠡᠩ ᠴᠢᠰᠤᠨ ᠡᠭᠡᠳᠡᠩ ᠠᠪᠬᠤ ᠥᠷᠲᠡᠭᠡ ᠠᠴᠠ ᠬᠠᠮᠵᠢᠯᠴᠠᠨ ᠡᠷᠭᠢᠯᠡᠪᠡ᠃    ᠲᠤᠰ ᠤᠳᠠᠭᠠᠨ ᠤ ᠤᠷᠤᠯᠳᠤᠭᠠᠨ ᠢ ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠥᠯᠥᠭᠡᠯᠡᠭᠴᠢᠳ ᠤᠨ ᠠᠩᠬᠢ᠂ ᠰᠢ ᠵᠢᠩ ᠽᠢ ᠪᠠᠯᠭᠠᠰᠤᠨ ᠤ ᠲᠥᠯᠥᠭᠡᠯᠡᠭᠴᠢᠳ ᠤᠨ ᠠᠩᠬᠢ᠂ ᠰᠢᠶᠤᠤ ᠬᠠᠢ ᠽᠢ ᠪᠠᠯᠭᠠᠰᠤᠨ ᠤ ᠲᠥᠯᠥᠭᠡᠯᠡᠭᠴᠢᠳ ᠤᠨ ᠠᠩᠬᠢ᠂ ᠴᠢ ᠲᠠᠢ ᠪᠠᠯᠭᠠᠰᠤᠨ ᠤ ᠢᠳᠡᠰᠢᠨ ᠨᠣᠭᠤᠭ᠎ᠠ ᠶᠢᠨ ᠲᠠᠯᠠᠪᠠᠢ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠤᠨ ᠠᠩᠬᠢ᠂ ᠱᠠᠩᠳᠤ ᠰᠢᠶᠠᠨ ᠤ ᠲᠦᠩ ᠯᠦ ᠲᠠᠩ ᠴᠢᠰᠤᠨ ᠡᠭᠡᠳᠡᠩ ᠠᠪᠬᠤ ᠦᠷᠳᠡᠭᠡ ᠶᠢᠨ ᠲᠥᠯᠥᠭᠡᠯᠡᠭᠴᠢᠳ ᠤᠨ ᠠᠩᠬᠢ᠂ ᠱᠠᠩᠳᠤ ᠰᠢᠶᠠᠨ ᠤ ᠨᠤᠲᠤᠭ ᠲᠠᠭᠠᠨ ᠪᠤᠴᠠᠭᠰᠠᠨ ᠤᠶᠤᠲᠠᠳ ᠤᠨ ᠲᠥᠯᠥᠭᠡᠯᠡᠭᠴᠢᠳ ᠤᠨ ᠠᠩᠬᠢ ᠶᠢᠨ ᠵᠢᠷᠭᠤᠭᠠᠨ ᠲᠥᠯᠥᠭᠡᠯᠡᠭᠴᠢᠳ ᠤᠨ ᠠᠩᠬᠢ ᠠᠴᠠ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠢ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠭᠡᠬᠦ ᠬᠤᠶᠠᠷ ᠭᠤᠭᠴᠤᠭ᠎ᠠ ᠬᠤᠪᠢᠶᠠᠵᠤ᠂ ᠡᠮ ᠡᠮᠨᠡᠯᠭᠡ ᠡᠷᠡᠭᠦᠯ ᠮᠡᠨᠳᠦ᠂ ᠰᠢᠨᠵᠢᠯᠡᠬᠦ ᠤᠬᠠᠭᠠᠨ ᠤ ᠬᠡᠪ ᠴᠢᠨᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠠᠨᠰᠠᠷ ᠤᠨ ᠠᠶᠠᠯᠠᠯ᠂ ᠠᠮᠢᠳᠤᠷᠠᠯ ᠤᠨ ᠶᠡᠷᠦ ᠶᠢᠨ ᠮᠡᠳᠡᠯᠭᠡ᠂ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯ ᠰᠡᠳᠦᠪ ᠤᠨ ᠲᠣᠭᠤᠷᠢᠨ ᠳᠤ ᠥᠷᠨᠢᠭᠦᠯᠵᠡᠢ᠃ ᠤᠷᠤᠯᠳᠤᠭᠠᠨ ᠤ ᠲᠤᠬᠠᠶ ᠶᠢᠨ ᠲᠠᠯᠠᠪᠤᠷ ᠲᠤ᠂ ᠡᠯ᠎ᠡ ᠲᠥᠯᠥᠭᠡᠯᠡᠭᠴᠢᠳ ᠤᠨ ᠠᠩᠭᠢ ᠯᠠᠪᠳᠠᠭᠤᠨ ᠲᠣᠭᠲᠠᠭᠤᠨ ᠢᠶᠠᠷ ᠠᠷᠭᠠᠴᠠᠵᠤ᠂ ᠢᠳᠡᠪᠬᠢᠲᠡᠶ ᠪᠠᠷ ᠰᠡᠳᠦᠪ ᠬᠠᠷᠢᠭᠤᠯᠵᠤ᠂ ᠰᠠᠶᠢᠨ ᠰᠠᠶᠢᠬᠠᠨ ᠰᠡᠳᠬᠢᠴᠡ ᠶᠢᠨ ᠬᠡᠪ ᠴᠢᠨᠠᠷ ᠪᠠ ᠯᠠᠪᠳᠠᠭᠤᠨ ᠪᠠᠲᠤᠲᠠᠶ ᠤᠨᠤᠯ ᠤᠨ ᠬᠡᠪ ᠪᠣᠯᠪᠠᠰᠤᠷᠠᠯ ᠢ ᠢᠯᠡᠷᠡᠭᠦᠯᠦᠭᠰᠡᠨ ᠪᠠᠶᠢᠨ᠎ᠠ᠃    ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢ ᠯᠢ ᠵᠢᠶᠠ ᠴᠢᠩ ᠬᠡᠯᠡᠬᠦ ᠳᠡᠭᠡᠨ᠄ ︽ᠡᠨᠡ ᠤᠳᠠᠭᠠᠨ ᠤ ᠤᠷᠤᠯᠳᠤᠭᠠᠨ ᠢᠶᠠᠷ ᠳᠠᠮᠵᠢᠨ᠂ ᠨᠠᠳᠠ ᠪᠠᠷ ᠡᠷᠡᠭᠦᠯ ᠮᠡᠨᠳᠦ ᠶᠢᠨ ᠮᠡᠳᠡᠯᠭᠡ ᠶᠢᠨ ᠨᠥᠭᠡᠴᠡ ᠶᠢᠨ ᠬᠡᠮᠵᠢᠶ᠎ᠡ ᠶᠢ ᠨᠡᠮᠡᠭᠳᠡᠭᠦᠯᠦᠭᠰᠡᠨ ᠤ ᠬᠠᠮᠲᠤ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠴᠢᠬᠤᠯᠠ ᠴᠢᠨᠠᠷ ᠢ ᠣᠶᠢᠯᠠᠭᠠᠭᠤᠯᠬᠤ ᠶᠢᠨ ᠬᠠᠮᠲᠤ ᠪᠢ ᠪᠠᠰᠠ ᠡᠨᠡ ᠤᠳᠠᠭᠠᠨ ᠤ ᠤᠷᠤᠯᠳᠤᠭᠠᠨ ᠳᠤ ᠰᠤᠷᠤᠭᠰᠠᠨ ᠵᠦᠢᠯ ᠢᠶᠠᠨ ᠬᠤᠵᠢᠮ ᠤᠨ ᠲᠤᠰᠬᠠᠶ ᠮᠡᠷᠭᠡᠵᠢᠯ ᠪᠠ ᠠᠮᠢᠳᠤᠷᠠᠯ ᠳᠤ ᠬᠡᠷᠡᠭᠯᠡᠬᠦ ᠪᠣᠯᠤᠨ᠎ᠠ︾ ᠭᠡᠵᠡᠶ᠃    ᠲᠤᠰ ᠤᠳᠠᠭᠠᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠮᠡᠳᠡᠯᠭᠡ ᠶᠢᠨ ᠤᠷᠤᠯᠳᠤᠭᠠᠨ ᠢ ᠡᠷᠬᠢᠯᠡᠭᠰᠡᠨ ᠨᠢ ᠥᠷᠭᠡᠨ ᠤᠯᠠᠨ ᠠᠷᠠᠳ ᠢᠷᠭᠡᠳ ᠲᠤ ᠰᠢᠨᠵᠢᠯᠡᠬᠦ ᠤᠬᠠᠭᠠᠨ ᠢ ᠰᠤᠷᠤᠯᠴᠠᠬᠤ᠂ ᠦᠵᠡᠯ ᠰᠠᠨᠠᠭ᠎ᠠ ᠪᠠᠨ ᠰᠣᠯᠢᠯᠴᠠᠬᠤ᠂ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠲᠤᠬᠠᠢ ᠳᠤᠷ᠎ᠠ ᠰᠣᠨᠢᠷᠬᠠᠯ ᠢ ᠬᠥᠭᠵᠢᠭᠡᠵᠦ᠂ ᠰᠢᠨᠵᠢᠯᠡᠬᠦ ᠤᠬᠠᠭᠠᠨ ᠢ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠶᠢ ᠬᠥᠮᠦᠵᠢᠭᠦᠯᠵᠦ᠂ ᠪᠦᠬᠦ ᠰᠢᠶᠠᠨ ᠤ ᠬᠡᠪᠴᠢᠶᠡᠨ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨᠵᠢᠯᠡᠬᠦ ᠤᠬᠠᠭᠠᠨ ᠰᠣᠶᠣᠯ ᠢ ᠤᠯᠠᠮᠵᠢᠯᠠᠬᠤ ᠪᠠ ᠲᠦᠭᠡᠮᠡᠯᠵᠢᠭᠦᠯᠬᠦ ᠶᠢ ᠠᠬᠢᠭᠤᠯᠪᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2