ᠱᠠᠩᠳᠤ ᠰᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠢ ᠪᠠᠶᠢᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠶᠢ ᠶᠡᠬᠡᠪᠡᠷ ᠠᠬᠢᠭᠤᠯᠪᠠ︕
ᠨᠡᠶᠢᠲᠡᠯᠡᠭᠰᠡᠨ ᠴᠠᠭ᠄
2024/8/9
   ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠠᠷᠤᠭ᠎ᠠ ᠯᠢ ᠬᠠᠢ ᠳ᠋ᠦᠩ
   【 ᠰᠤᠷᠪᠤᠯᠵᠢᠯᠠᠭᠴᠢ 】 ᠲᠡᠷᠢᠭᠦᠯᠡᠭᠴᠢ ᠯᠢ ᠲᠡᠷᠢᠭᠦᠯᠡᠭᠴᠢ ᠲᠠ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠦᠨᠳᠦᠰᠦᠨ ᠪᠠᠶᠢᠳᠠᠯ ᠢ ᠲᠠᠨᠢᠯᠴᠠᠭᠤᠯᠤᠶ᠎ᠠ᠃    【 ᠬᠦᠨᠳᠦᠲᠦ ᠵᠣᠴᠢᠨ 】 ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠱᠠᠩᠳᠤ ᠰᠢᠶᠠᠨ ᠤ ᠴᠢ ᠲᠠᠢ ᠪᠠᠯᠭᠠᠰᠤᠨ ᠤ ᠵᠢᠤᠢ ᠬᠤᠩ ᠣᠯᠠᠨ ᠵᠠᠭᠤᠴᠢᠯᠠᠭᠤᠷ ᠤᠨ ᠤᠬᠠᠭᠤᠯᠬᠤ ᠲᠥᠪ ᠤᠨ ᠵᠡᠭᠦᠨ ᠳᠠᠭᠠᠯᠲᠠ ᠠᠰᠠᠷ ᠲᠤ ᠪᠠᠶᠢᠷᠢᠯᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 3900 ᠲᠡᠭᠰᠢ ᠳᠥᠷᠪᠡᠯᠵᠢᠨ ᠮᠧᠳ᠋ᠷ᠂ ᠨᠡᠶᠢᠲᠡ 3 ᠳᠠᠪᠬᠤᠷᠭ᠎ᠠ ᠪᠠᠶᠢᠵᠤ᠂ ᠳᠠᠪᠬᠤᠷᠭ᠎ᠠ ᠪᠦᠷᠢ ᠨᠢ ᠪᠠᠷᠤᠭ 1300 ᠲᠡᠭᠰᠢ ᠳᠥᠷᠪᠡᠯᠵᠢᠨ ᠮᠧᠳ᠋ᠷ ᠣᠷᠴᠢᠮ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯᠯᠠᠬᠤ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ᠨᠢᠭᠡᠳᠦᠭᠡᠷ ᠳᠠᠪᠬᠤᠷ ᠲᠤ ᠯᠢᠨ ᠰᠢᠤ ᠦᠵᠡᠭᠦᠯᠦᠯᠭᠡ ᠶᠢᠨ ᠲᠢᠩᠬᠢᠮ ᠪᠠᠶᠢᠵᠤ᠂ ᠣᠳᠣᠬᠠᠨ ᠳᠤ ᠪᠢᠴᠢᠯ ᠶᠢᠷᠲᠢᠨᠴᠦ · ᠶᠡᠭᠡ ᠳᠠᠶᠢᠨ ᠤ ᠬᠡᠷᠡᠭᠯᠡᠭᠡᠨ ᠤ ᠸᠢᠷᠦ᠋ᠰ ᠤᠨ ᠭᠤᠤᠯ ᠰᠡᠳᠦᠪᠲᠦ ᠦᠵᠡᠭᠦᠯᠦᠯᠭᠡ᠂ ᠪᠢᠳᠡᠨ ᠤ ᠰᠣᠩᠭᠤᠭᠰᠠᠨ ᠢᠷᠡᠭᠡᠳᠦᠶ ᠶᠢᠨ ︽ᠬᠤᠤᠰ ᠨᠡᠭᠦᠷᠡᠰᠦᠲᠥ᠋ᠷᠥᠭᠴᠢ︾ ᠶᠢᠨ ᠭᠤᠤᠯ ᠰᠡᠳᠦᠪᠲᠦ ᠦᠵᠡᠭᠦᠯᠦᠯᠭᠡ᠂ ᠣᠶᠤᠨ ᠰᠠᠨᠠᠭᠠᠨ ᠤ ᠰᠢᠰᠲ᠋ᠧᠮ ᠤᠨ ᠦᠵᠡᠭᠦᠯᠦᠯᠭᠡ᠂ ᠨᠡᠭᠦᠳᠡᠯ ᠬᠠᠮ ᠲᠡᠷᠭᠡ ᠶᠢᠨ ᠰᠠᠭᠤᠷᠢ ᠦᠵᠡᠭᠦᠯᠭᠡ ᠶᠢᠨ ᠪᠣᠳᠠᠰ ᠪᠣᠶ᠃ ᠬᠤᠶᠠᠳᠤᠭᠠᠷ ᠳᠠᠪᠬᠤᠷᠯᠢᠭ ᠣᠷᠳᠣᠨ ᠳᠤ ᠰᠠᠭᠤᠷᠢ ᠦᠵᠡᠭᠦᠯᠭᠡ ᠶᠢᠨ ᠲᠣᠭᠤᠷᠢᠭ ᠲᠣᠬᠢᠷᠠᠭᠤᠯᠪᠠ᠂ ᠲᠤᠬᠠᠶᠢᠯᠠᠪᠠᠯ ᠬᠥᠳᠡᠯᠭᠡᠭᠡᠨ ᠤ ᠬᠥᠭ ᠠᠶᠠᠰ ᠤᠨ ᠲᠥᠷᠥᠯ᠂ ᠡᠷᠡᠭᠦᠯ ᠰᠠᠷᠠᠭᠤᠯ ᠠᠮᠢᠳᠤᠷᠠᠯ ᠤᠨ ᠲᠥᠷᠥᠯ᠂ ᠲᠣᠭᠠᠨ ᠤ ᠤᠬᠠᠭᠠᠨ ᠤ ᠷᠢᠳᠢ ᠰᠢᠳᠢ ᠶᠢᠨ ᠲᠥᠷᠥᠯ᠂ ᠴᠠᠬᠢᠯᠭᠠᠨ ᠰᠣᠷᠢᠨᠵᠢᠨ ᠨᠢᠭᠤᠴᠠ ᠶᠢ ᠬᠠᠶᠢᠬᠤ ᠲᠥᠷᠥᠯ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠥᠷᠥᠯ ᠵᠡᠷᠭᠡ 81 ᠬᠤᠪᠢ ᠳᠡᠯᠭᠡᠨ ᠦᠵᠡᠭᠦᠯᠬᠦ ᠪᠣᠳᠠᠰ᠂ ᠬᠡᠤᠬᠡᠳ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠣᠭᠤᠷᠢᠭ᠂ ᠰᠢᠨᠵᠢᠯᠡᠬᠦ ᠤᠬᠠᠭᠠᠨ ᠤ ᠠᠪᠤᠷᠭᠤ ᠬᠥᠮᠦᠨ ᠤ ᠲᠣᠭᠤᠷᠢᠭ᠂ ᠵᠣᠬᠢᠶᠠᠮᠠᠯ ᠣᠶᠤᠨ ᠤ ᠦᠵᠡᠭᠦᠯᠭᠡ ᠶᠢᠨ ᠲᠢᠩᠬᠢᠮ᠂ ᠵᠢᠪᠦᠭᠰᠡᠨ ᠮᠠᠶ᠋ᠢᠭ ᠤᠨ ᠲᠤᠭ᠎ᠠ ᠪᠠᠷᠢᠮᠲᠠ ᠶᠢᠨ ᠥᠷᠥᠭᠡ ᠶᠢ ᠪᠠᠭᠲᠠᠭᠠᠨ᠎ᠠ᠃ ᠭᠤᠷᠪᠠᠳᠤᠭᠠᠷ ᠳᠠᠪᠬᠤᠷ ᠲᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠠᠰᠤᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠦᠴᠦᠭᠡ ᠶᠢᠨ ᠬᠦᠷᠢᠶᠡᠯᠡᠩ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠤᠨ ᠥᠷᠥᠭᠡ᠂ ᠬᠤᠷᠠᠯ ᠤᠨ ᠬᠡᠷ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ᠠᠯᠪᠠᠨ ᠬᠡᠷ ᠵᠢᠴᠢ ᠬᠥᠮᠥᠷᠭᠡ ᠵᠡᠷᠭᠡ ᠶᠢ ᠳᠣᠭᠢᠷᠠᠭᠤᠯᠤᠨ᠎ᠠ᠃ ᠱᠠᠩᠳᠤ ᠰᠢᠶᠠᠨ ᠤ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠢ 2021 ᠣᠨ ᠳᠤ ᠪᠡᠯᠡ ᠣᠷᠣᠭᠤᠯᠤᠨ 2023 ᠣᠨ ᠤ ᠡᠴᠦᠰ ᠠᠴᠠ ᠡᠬᠢᠯᠡᠨ ᠳᠡᠯᠭᠡᠨ ᠦᠵᠡᠭᠦᠯᠵᠦ᠂ 2024 ᠣᠨ ᠤ 2 ᠰᠠᠷ᠎ᠠ ᠠᠴᠠ ᠡᠬᠢᠯᠡᠨ ᠲᠤᠷᠰᠢᠨ ᠠᠵᠢᠯᠯᠠᠭᠤᠯᠪᠠ᠃ 2024 ᠣᠨ ᠳᠤ ᠰᠢᠨ᠎ᠡ ᠣᠷᠳᠣᠨ ᠤ ᠲᠤᠷᠰᠢᠨ ᠠᠵᠢᠯᠯᠠᠭᠤᠯᠬᠤ ᠬᠤᠭᠤᠴᠠᠭᠠᠨ ᠳᠤ ᠭᠤᠤᠯᠳᠠᠭᠤ ᠰᠤᠷᠭᠠᠭᠤᠯᠢ ᠬᠠᠮᠲᠤᠷᠠᠨ ᠠᠵᠢᠯᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠡᠬᠢ ᠪᠠᠶᠠᠯᠢᠭ ᠬᠢᠭᠡᠳ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠡᠷᠡᠭᠵᠢᠭᠦᠯᠦᠯᠲᠡ ᠶᠢ ᠬᠠᠷᠢᠯᠴᠠᠨ ᠤᠶᠠᠯᠳᠤᠭᠤᠯᠵᠤ᠂ ᠰᠤᠷᠭᠠᠭᠤᠯᠢ ᠶᠢᠨ ᠭᠠᠳᠠᠨᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠬᠢᠭᠡᠳ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ 7 ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 12 ᠰᠤᠷᠭᠠᠭᠤᠯᠢ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠵᠦ᠂ ᠬᠥᠮᠦᠨ ᠤ ᠲᠤᠭ᠎ᠠ 4000 ᠭᠠᠷᠤᠶ ᠪᠣᠯᠪᠠ᠃ ᠳᠠᠷᠠᠭᠠᠯᠠᠪᠠᠯ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠵᠣᠨ ᠤ ᠠᠮᠠᠷᠠᠯᠲᠠ ᠶᠢᠨ ᠬᠤᠭᠤᠴᠠᠭᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠭᠦᠳᠡ ᠪᠠᠨ ᠨᠡᠭᠡᠭᠡᠵᠦ᠂ 6000 ᠭᠠᠷᠤᠶ ᠰᠤᠯᠠ ᠵᠣᠴᠢᠳ ᠢ ᠤᠭᠲᠤᠨ᠎ᠠ᠃    【 ᠰᠤᠷᠪᠤᠯᠵᠢᠯᠠᠭᠴᠢ 】 ᠲᠡᠷᠢᠭᠦᠯᠡᠭᠴᠢ ᠯᠢ ᠲᠡᠷᠢᠭᠦᠯᠡᠭᠴᠢ᠂ ᠲᠠᠨ ᠤ ᠦᠵᠡᠬᠦ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠢ ᠪᠠᠶᠢᠭᠤᠯᠬᠤ ᠨᠢ ᠱᠠᠩᠳᠤ ᠰᠢᠶᠠᠨ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠨᠢ ᠶᠠᠭᠤ ᠪᠤᠢ︖    【 ᠬᠦᠨᠳᠦᠲᠦ ᠵᠣᠴᠢᠨ 】 ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠪᠠᠶᠢᠭᠤᠯᠤᠭᠳᠠᠭᠰᠠᠨ ᠨᠢ ᠮᠠᠨ ᠤ ᠰᠢᠶᠠᠨ ᠤ ᠵᠠᠯᠠᠭᠤᠴᠤᠳ ᠪᠠᠭᠠᠴᠤᠳ᠂ ᠰᠤᠷᠤᠭᠴᠢᠳ᠂ ᠪᠠᠭᠰᠢ ᠨᠠᠷ ᠲᠤ ᠰᠢᠨᠵᠢᠯᠡᠬᠦ ᠤᠬᠠᠭᠠᠨ ᠲᠠᠢ ᠥᠴᠦᠬᠡᠨ ᠴᠦ ᠣᠶᠢᠷᠠᠲᠤᠵᠤ᠂ ᠰᠢᠨᠵᠢᠯᠡᠬᠦ ᠤᠬᠠᠭᠠᠨ ᠮᠡᠷᠭᠡᠵᠢᠯ ᠢ ᠪᠡᠶᠡᠴᠢᠯᠡᠨ ᠣᠶᠢᠯᠠᠭᠠᠬᠤ᠂ ᠬᠠᠷᠠᠭ᠎ᠠ ᠪᠠᠨ ᠥᠷᠭᠡᠳᠬᠡᠬᠦ᠂ ᠮᠡᠳᠡᠯᠭᠡ ᠪᠠᠨ ᠨᠡᠮᠡᠭᠳᠡᠭᠦᠯᠬᠦ ᠳᠤ ᠲᠠᠪᠴᠠᠩ ᠪᠠᠶᠢᠭᠤᠯᠤᠨ ᠥᠭᠴᠦ᠂ ᠵᠠᠯᠠᠭᠤᠴᠤᠳ ᠪᠠᠭᠠᠴᠤᠳ᠂ ᠰᠤᠷᠤᠭᠴᠢᠳ ᠪᠡᠶ᠎ᠡ ᠪᠠᠷ ᠢᠶᠠᠨ ᠰᠣᠨᠢᠷᠬᠠᠵᠤ᠂ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠪᠴᠢᠷᠠᠭᠰᠠᠨ ᠪᠠᠶᠠᠷ ᠪᠠᠭ᠋ᠠᠳᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠠᠪᠴᠢᠷᠠᠭᠰᠠᠨ ᠬᠤᠪᠢᠷᠠᠯᠲᠠ ᠶᠢ ᠦᠨᠡᠨ ᠬᠦ ᠮᠡᠳᠡᠷᠡᠵᠦ᠂ ᠮᠠᠨ ᠤ ᠰᠢᠶᠠᠨ ᠤ ᠵᠠᠯᠠᠭᠤᠴᠤᠳ ᠪᠠᠭᠠᠴᠤᠳ᠂ ᠰᠤᠷᠤᠭᠴᠢᠳ ᠤᠨ ᠮᠡᠳᠡᠯᠭᠡ ᠶᠢᠨ ᠬᠦᠰᠡᠯ ᠡᠷᠡᠮᠡᠯᠵᠡᠯ᠂ ᠰᠢᠨᠵᠢᠯᠡᠬᠦ ᠤᠬᠠᠭᠠᠨ ᠤ ᠬᠠᠶᠢᠷ᠎ᠠ ᠰᠡᠳᠬᠢᠯᠭᠡ ᠶᠢ ᠬᠥᠭᠵᠢᠭᠡᠪᠡ᠃    【 ᠰᠤᠷᠪᠤᠯᠵᠢᠯᠠᠭᠴᠢ 】 ᠯᠢ ᠲᠡᠷᠢᠭᠦᠯᠡᠭᠴᠢ ᠡ᠂ ᠳᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ ᠨᠢ ᠶᠠᠭᠤ ᠪᠤᠢ︖    【 ᠬᠦᠨᠳᠦᠲᠦ ᠵᠣᠴᠢᠨ 】 ᠨᠢᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠪᠠ᠃ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠴᠤᠤᠷᠢᠶ᠎ᠠ᠂ ᠪᠤᠰᠢᠭᠤ ᠭᠠᠷ᠂ ᠨᠠᠶᠢᠵᠠ ᠶᠢᠨ ᠲᠣᠭᠤᠷᠢᠭ᠂ ᠢᠨᠲ᠋ᠧᠷ ᠰᠦᠯᠵᠢᠶ᠎ᠡ ᠵᠡᠷᠭᠡ ᠡᠯ᠎ᠡ ᠲᠥᠷᠥᠯ ᠤᠨ ᠣᠯᠠᠨ ᠲᠦᠮᠡᠨᠴᠢ ᠵᠠᠭᠤᠴᠢᠯᠠᠭᠤᠷ ᠤᠨ ᠳᠠᠮᠵᠢᠭᠤᠯᠭ᠎ᠠ ᠶᠢᠨ ᠳᠠᠪᠠᠭᠤᠯᠢᠭ ᠢ ᠦᠷᠭᠦᠯᠵᠢᠯᠡᠨ ᠢᠳᠡᠪᠬᠢᠲᠡᠶ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠪᠠ᠃ ᠰᠢᠨᠵᠢᠯᠡᠬᠦ ᠣᠬᠠᠭᠠᠨ ᠮᠡᠷᠭᠡᠵᠢᠯ ᠤᠨ ᠣᠷᠳᠣᠨ ᠢ ᠬᠦᠢᠴᠡᠳ ᠠᠰᠢᠠᠠᠯᠠᠨ᠂ ᠣᠷᠳᠣᠨ ᠤ ᠳᠣᠳᠣᠷᠡᠬᠢ ᠰᠢᠨᠵᠢᠯᠡᠬᠦ ᠣᠬᠠᠭᠠᠨ ᠮᠡᠷᠭᠡᠵᠢᠯ ᠤᠨ ᠮᠡᠳᠡᠯᠭᠡ ᠶᠢᠨ ᠳᠡᠶᠢᠯᠥᠮᠵᠢ᠂ ᠦᠵᠡᠬᠦᠯᠦᠯᠭᠡ᠂ ᠮᠡᠳᠡᠯᠭᠡ ᠶᠢᠨ ᠣᠷᠣᠯᠳᠣᠭᠠᠨ ᠵᠡᠷᠭᠡ ᠠᠵᠢᠯᠯᠠᠭ᠎ᠠ ᠶᠢ ᠡᠷᠬᠢᠯᠡᠵᠦ᠂ ᠰᠢᠨᠵᠢᠯᠡᠬᠦ ᠣᠬᠠᠭᠠᠨ ᠢ ᠳᠦᠬᠡᠮᠡᠯᠵᠢᠬᠦᠯᠬᠦ ᠭᠠᠷᠠᠭ ᠤᠨ ᠡᠳᠣᠷ ᠤᠨ ᠠᠵᠢᠯᠯᠠᠭ᠎ᠠ ᠵᠡᠷᠭᠡ ᠴᠠᠭ ᠲᠣᠬᠢᠶᠠᠯ ᠢ ᠠᠰᠢᠠᠠᠯᠠᠨ᠂ ᠰᠢᠨᠵᠢᠯᠡᠬᠦ ᠣᠬᠠᠭᠠᠨ ᠢ ᠳᠦᠬᠡᠮᠡᠯᠵᠢᠬᠦᠯᠬᠦ ᠣᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠳᠡᠢ ᠪᠠᠷ ᠵᠤᠬᠢᠶᠡᠨ ᠪᠠᠶᠢᠭᠤᠯᠥᠨ ᠦᠷᠨᠢᠬᠦᠯᠦᠨ᠎ᠠ᠃ ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠥᠷᠨᠢᠭᠦᠯᠬᠦ ᠶᠠᠪᠤᠴᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠪᠣᠯᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠰᠠᠳ ᠠᠴᠠ ᠬᠠᠮᠲᠤ ᠪᠠᠷ ᠪᠦᠷᠢᠯᠳᠦᠭᠰᠡᠨ ᠴᠢᠳᠠᠪᠤᠷᠢᠲᠠᠨ ᠤ ᠡᠩᠨᠡᠭᠡ ᠶᠢ ᠴᠢᠷᠮᠠᠶᠢᠨ ᠪᠠᠶᠢᠭᠤᠯᠵᠤ᠂ ᠥᠷᠭᠡᠨ ᠣᠯᠠᠨ ᠲᠣᠭᠤᠷᠢᠨ ᠦᠵᠡᠭᠴᠢᠳ ᠲᠤ ᠦᠨᠡᠨᠬᠦ ᠦᠢᠯᠡᠴᠢᠯᠡᠬᠦ ᠬᠡᠷᠡᠭᠲᠡᠶ ᠃ ᠡᠩ ᠲᠡᠷᠢᠭᠦᠨ ᠳᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠠᠮᠢᠶᠠᠷᠤᠯᠲᠠ ᠶᠢᠨ ᠠᠵᠢᠯᠲᠠᠨ ᠪᠣᠯᠤᠨ ᠮᠡᠷᠭᠡᠵᠢᠯ ᠤᠨ ᠠᠵᠢᠯᠲᠠᠨ ᠢ ᠪᠣᠯᠪᠠᠰᠤᠷᠠᠭᠤᠯᠬᠤ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠲᠡᠳᠡᠨᠡᠷ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠮᠡᠷᠭᠡᠵᠢᠯ ᠤᠨ ᠴᠢᠳᠠᠪᠤᠷᠢ ᠶᠢ ᠨᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠲᠡᠳᠡᠨ ᠢ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠳᠤᠮᠳᠠ ᠭᠤᠤᠯ ᠬᠦᠴᠦᠨ ᠪᠣᠯᠤᠨ ᠭᠤᠤᠯᠯᠠᠬᠤ ᠦᠢᠯᠡᠳᠦᠯ ᠢᠶᠠᠨ ᠪᠠᠳᠠᠷᠠᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠵᠡᠷᠭᠡ ᠠᠳᠠᠯᠢ ᠪᠤᠰᠤ ᠬᠠᠮᠲᠤᠯᠢᠭ ᠢ ᠬᠠᠪᠰᠤᠷᠤᠨ ᠰᠢᠨᠵᠢᠯᠡᠬᠦ ᠤᠬᠠᠭᠠᠨ ᠤ ᠮᠡᠳᠡᠯᠭᠡ ᠰᠤᠷᠤᠯᠴᠠᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢᠨ ᠢᠨᠵᠧᠨᠧᠷᠢᠩ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠶ᠃ ᠳᠠᠷᠠᠭᠠᠯᠠᠪᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠯᠣᠭᠤᠳᠬᠤ ᠠᠵᠢᠯᠯᠠᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠪᠦᠯᠬᠦᠮ ᠢ ᠪᠠᠶᠢᠭᠤᠯᠬᠤ ᠪᠠᠷ ᠳᠠᠮᠵᠢᠭᠤᠯᠤᠨ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠲᠣᠭᠠᠨ ᠤ ᠤᠬᠠᠭᠠᠨ᠂ ᠹᠢᠽᠢᠺ᠂ ᠬᠢᠮᠢ ᠵᠡᠷᠭᠡ ᠳᠡᠯᠭᠡᠨ ᠦᠵᠡᠭᠦᠯᠬᠦ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ᠂ ᠪᠦᠬᠦ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠭᠡᠨ ᠤ ᠤᠬᠠᠭᠠᠨ ᠤ ᠤᠷᠮ᠎ᠠ ᠪᠠᠬ᠎ᠠ ᠶᠢ ᠳᠡᠭᠡᠭᠰᠢᠯᠡᠭᠦᠯᠦᠨ᠎ᠡ᠃ ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠦᠷᠦᠭᠦᠯᠡᠨ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠭᠤᠷ ᠠᠮᠢᠰᠬᠤᠯ ᠢ ᠪᠤᠶ ᠪᠣᠯᠭᠠᠨ᠎ᠠ᠃ ᠰᠢᠶᠠᠩ ᠪᠠᠯᠭᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠳᠤᠮᠳᠠᠳᠤ ᠤᠯᠤᠰ ᠤᠨ ᠨᠡᠭᠦᠳᠡᠯ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠲᠥᠷᠥᠯ ᠵᠦᠢᠯ ᠤᠨ ᠡᠬᠢ ᠪᠠᠶᠠᠯᠢᠭ ᠤᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠲᠣᠭᠲᠠᠴᠠ ᠶᠢ ᠪᠠᠶᠢᠭᠤᠯᠵᠤ᠂ ᠵᠠᠯᠠᠭᠤᠴᠤᠳ ᠪᠠᠭᠠᠴᠤᠳ᠂ ᠲᠠᠷᠢᠶᠠᠴᠢᠨ᠂ ᠠᠵᠤ ᠦᠢᠯᠡᠰ ᠤᠨ ᠠᠵᠢᠯᠴᠢᠨ᠂ ᠨᠠᠰᠤᠲᠠᠶᠢᠴᠤᠳ᠂ ᠤᠳᠤᠷᠢᠳᠬᠤ ᠺᠠᠳ᠋ᠷ ᠪᠣᠯᠤᠨ ᠠᠯᠪᠠᠲᠠᠨ ᠢ ᠵᠣᠬᠢᠶᠠᠨ ᠪᠠᠶᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠵᠠᠯᠭᠠᠭ᠎ᠠ ᠪᠠᠷ ᠣᠷᠣᠯᠴᠠᠭᠤᠯᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠮᠵᠢᠯᠠᠨ ᠳᠡᠯᠭᠡᠷᠡᠭᠦᠯᠦᠭᠴᠢ ᠶᠢ ᠬᠥᠮᠥᠵᠢᠭᠦᠯᠦᠨ᠂ ᠬᠥᠮᠦᠨ ᠪᠦᠬᠦᠨ ᠰᠢᠨᠵᠢᠯᠡᠬᠦ ᠤᠬᠠᠭᠠᠨ ᠮᠡᠷᠭᠡᠵᠢᠯ ᠢ ᠡᠷᠬᠢᠮᠯᠡᠬᠦ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠬᠠᠮᠵᠢᠯᠴᠠᠨ ᠲᠦᠭᠡᠮᠡᠯᠵᠢᠭᠦᠯᠬᠦ ᠰᠢᠨ᠎ᠡ ᠪᠠᠶᠢᠳᠠᠯ ᠢ ᠪᠣᠶ ᠪᠣᠯᠭᠠᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2