ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠷᠢ ᠲᠡᠩᠴᠡᠬᠦ ᠦᠭᠡᠢ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/8/9
   ᠡᠳᠦᠭᠡ ᠱᠠᠩᠳᠤ ᠰᠢᠶᠠᠨ ᠤ ᠶᠤᠸᠠᠨ ᠬᠤᠤ ᠠᠮᠤ ᠪᠤᠳᠠᠭᠠᠨ ᠤ ᠦᠢᠯᠡᠳᠪᠦᠷᠢ ᠶᠢᠨ ᠬᠢᠷᠢ ᠲᠡᠩᠴᠡᠬᠦ ᠦᠭᠡᠢ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄    1. ᠰᠤᠭᠤᠯᠤᠨ ᠪᠠᠶᠢᠴᠠᠭᠠᠭᠰᠠᠨ ᠦᠨᠳᠦᠰᠦᠨ ᠪᠠᠶᠢᠳᠠᠯ    ᠵᠠᠭᠪᠤᠷ ᠤᠨ ᠨᠡᠷᠡᠶᠢᠳᠦᠯ᠄ ᠤᠯᠠᠮᠵᠢᠯᠠᠯᠲᠤ ᠮᠣᠩᠭᠤᠯ ᠠᠮᠤ ᠬᠠᠭᠤᠷᠳᠠᠭ︔ ᠲᠠᠸᠠᠷ ᠤᠨ ᠲᠡᠮᠳᠡᠭ᠄ ᠯᠧ ᠪᠠᠭᠠᠲᠤᠷ ᠤᠨ ᠵᠢᠷᠤᠭ ᠤᠨ ᠲᠠᠸᠠᠷ ᠤᠨ ᠲᠡᠮᠳᠡᠭ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ 3 ᠰᠠᠷ᠎ᠠ ᠶᠢᠨ 5 ᠤ ᠡᠳᠦᠷ︔ 360 ᠭᠷᠠᠮ / ᠤᠭᠤᠲᠠ︔ ᠦᠯᠢᠭᠡᠷ ᠠᠪᠬᠤ ᠰᠠᠭᠤᠷᠢ ᠲᠤᠭ᠎ᠠ᠄ 8 ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠸᠠ ᠶᠢᠨ ᠪᠠᠺᠲ᠋ᠧᠷᠢ ᠶᠢᠨ ᠲᠥᠷᠥᠯ ᠵᠦᠢᠯ ᠨᠢ GB19640 - 2016 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠬᠠᠭᠤᠷᠤᠭᠰᠠᠨ ᠠᠮᠤ︾᠂ DBS15/010 - 2016 ᠣᠨ ᠤ ︽ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠭᠤᠷᠤᠭᠰᠠᠨ ᠠᠮᠤ︾︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃    2. ᠬᠢᠷᠢ ᠲᠡᠩᠴᠡᠬᠦ ᠦᠭᠡᠶ ᠢᠳᠡᠭᠡᠨ ᠢ ᠰᠢᠢᠳᠪᠦᠷᠢᠯᠡᠭᠰᠡᠨ ᠪᠠᠶᠢᠳᠠᠯ    ᠱᠠᠩᠳᠤ ᠰᠢᠶᠠᠨ ᠤ ᠶᠤᠸᠠᠨ ᠬᠤᠤ ᠠᠮᠤ ᠪᠤᠳᠠᠭᠠᠨ ᠤ ᠦᠢᠯᠡᠳᠪᠦᠷᠢ ᠶᠢᠨ ᠦᠢᠯᠡᠳᠪᠦᠷᠢᠯᠡᠭᠰᠡᠨ ᠤᠯᠠᠮᠵᠢᠯᠠᠯᠲᠤ ᠮᠣᠩᠭᠤᠯ ᠠᠮᠤ ᠪᠤᠳᠠᠭ᠎ᠠ ︵ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 360 ᠭᠷᠠᠮ / ᠤᠭᠤᠲᠠ᠂ ᠲᠠᠸᠠᠷ ᠤᠨ ᠲᠡᠮᠳᠡᠭ᠄ ᠯᠧᠪᠠᠳᠠ ᠶᠢᠨ ᠵᠢᠷᠤᠭ ᠤᠨ ᠲᠠᠸᠠᠷ ᠤᠨ ᠲᠡᠮᠳᠡᠭ᠂ ᠬᠦᠬᠡᠴᠤᠲᠦ ᠪᠠᠺᠲ᠋ᠧᠷᠢ ᠶᠢᠨ ᠲᠥᠷᠥᠯ ᠵᠦᠢᠯ ᠨᠢ GB19640 - 2016 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢ ᠬᠠᠭᠤᠷᠤᠭᠰᠠᠨ ᠠᠮᠤ᠂ DBS15/010 - 2016 ᠣᠨ ᠤ ︽ᠢᠳᠡᠭᠡᠨ ᠤ ᠠᠮᠤᠷ ᠲᠦᠪᠰᠢᠨ ᠤ ᠲᠤᠬᠠᠢ ᠣᠷᠣᠨ ᠨᠤᠲᠤᠭ ᠤᠨ ᠪᠠᠷᠢᠮᠵᠢᠶ᠎ᠠ ᠶᠢᠨ ᠬᠠᠭᠤᠷᠤᠭᠰᠠᠨ ᠠᠮᠤ︾ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ︾ ᠶᠢᠨ ᠠᠷᠪᠠᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠲᠣᠬᠢᠷᠠᠬᠤ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ᠨᠢᠭᠡᠳᠦᠭᠡᠷ᠂ ᠬᠤᠶᠠᠷ ᠂ ᠭᠤᠷᠪᠠᠳᠤᠭᠠᠷ ᠪᠠ ᠠᠷᠪᠠ ᠶᠢᠰᠦᠳᠦᠭᠡᠷ ᠵᠦᠢᠯ ᠤᠨ ᠳᠥᠷᠪᠡᠳᠦᠭᠡᠷ ᠵᠤᠷᠪᠤᠰ ᠲᠠᠢ ᠬᠠᠷᠢᠴᠠᠭᠤᠯᠤᠨ᠂ ᠲᠤᠬᠠᠢ ᠶᠢᠨ ᠬᠥᠮᠥᠨ ᠳᠤ᠄ 1᠂ 150000 ᠲᠥᠭᠦᠷᠢᠭ ᠵᠣᠭᠤᠰ ᠢᠶᠠᠷ ᠲᠣᠷᠭᠠᠨ᠎ᠠ᠃    3. ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ    ᠱᠠᠩᠳᠤ ᠰᠢᠶᠠᠨ ᠤ ᠶᠤᠸᠠᠨ ᠬᠤᠤ ᠬᠠᠭᠤᠷᠤᠭᠰᠠᠨ ᠠᠮᠤ ᠶᠢᠨ ᠦᠶ᠋ᠯᠡᠳᠪᠦᠷᠢ ᠨᠢ ᠨᠢᠭᠡᠨᠲᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠲᠤᠰᠢᠶᠠᠵᠠᠶ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢᠭᠡᠨᠲᠡ ᠲᠡᠭᠦᠨ ᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠬᠢᠨ ᠪᠠᠶᠢᠴᠠᠭᠠᠵᠤ ᠰᠢᠯᠭᠠᠨ ᠠᠪᠤᠪᠠ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ    ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    2024 ᠣᠨ ᠤ 7 ᠰᠠᠷ᠎ᠠ ᠶᠢᠨ 31 ᠤ ᠡᠳᠦᠷᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2