ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠷᠢ ᠲᠡᠩᠴᠡᠬᠦ ᠦᠭᠡᠢ ᠢᠳᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/8/9
    ᠡᠳᠦᠭᠡ ᠮᠠᠨ ᠤ ᠰᠢᠶᠠᠨ ᠤ 1 ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠢᠳᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠱᠠᠩᠳᠤ ᠰᠢᠶᠠᠨ ᠤ ᠶᠤᠸᠠᠨ ᠬᠤᠤ ᠬᠠᠭᠤᠷᠤᠭᠰᠠᠨ ᠠᠮᠤ ᠶᠢᠨ ᠦᠢᠯᠡᠳᠪᠦᠷᠢ    ︵ᠨᠢᠭᠡ︶ ᠰᠤᠭᠤᠴᠢᠨ ᠪᠠᠶᠢᠴᠠᠭᠠᠭᠰᠠᠨ ᠦᠨᠳᠦᠰᠦᠨ ᠪᠠᠶᠢᠳᠠᠯ    ᠵᠠᠭᠪᠤᠷ ᠤᠨ ᠨᠡᠷᠡᠶᠢᠳᠦᠯ᠄ ᠤᠯᠠᠮᠵᠢᠯᠠᠯᠲᠤ ᠮᠣᠩᠭᠤᠯ ᠠᠮᠤ ᠬᠠᠭᠤᠷᠳᠠᠭ︔ ᠲᠠᠸᠠᠷ ᠤᠨ ᠲᠡᠮᠳᠡᠭ᠄ ᠯᠧ ᠪᠠᠭᠠᠲᠤᠷ ᠤᠨ ᠵᠢᠷᠤᠭ ᠤᠨ ᠲᠠᠸᠠᠷ ᠤᠨ ᠲᠡᠮᠳᠡᠭ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ 3 ᠰᠠᠷ᠎ᠠ ᠶᠢᠨ 5 ᠤ ᠡᠳᠦᠷ︔ 360 ᠭᠷᠠᠮ / ᠤᠭᠤᠲᠠ︔ ᠦᠯᠢᠭᠡᠷ ᠠᠪᠬᠤ ᠰᠠᠭᠤᠷᠢ ᠲᠤᠭ᠎ᠠ᠄ 8 ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠸᠠ ᠶᠢᠨ ᠪᠠᠺᠲ᠋ᠧᠷᠢ ᠶᠢᠨ ᠲᠥᠷᠥᠯ ᠵᠦᠢᠯ ᠨᠢ GB19640 - 2016 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠬᠠᠭᠤᠷᠤᠭᠰᠠᠨ ᠠᠮᠤ︾᠂ DBS15/010 - 2016 ᠣᠨ ᠤ ︽ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠭᠤᠷᠤᠭᠰᠠᠨ ᠠᠮᠤ︾︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃    ︵ᠬᠤᠶᠠᠷ︶ ᠪᠠᠶᠢᠳᠠᠯ ᠢ ᠪᠠᠶᠢᠴᠠᠭᠠᠬᠤ    ᠪᠠᠶᠢᠴᠠᠭᠠᠭᠰᠠᠨ ᠢᠶᠠᠷ᠂ ᠱᠠᠩᠳᠤ ᠰᠢᠶᠠᠨ ᠤ ᠶᠤᠸᠠᠨ ᠬᠤᠤ ᠬᠠᠭᠤᠷᠤᠭᠰᠠᠨ ᠠᠮᠤ ᠶᠢᠨ ᠦᠢᠯᠡᠳᠪᠦᠷᠢ ᠶᠢᠨ 2024 ᠣᠨ ᠤ 3 ᠰᠠᠷ᠎ᠠ ᠶᠢᠨ 5 ᠤ ᠡᠳᠦᠷ ᠰᠠᠪᠠᠯᠠᠭᠰᠠᠨ ᠪᠠᠷᠢᠮᠵᠢᠶ᠎ᠠ ᠨᠢ 360g / ᠤᠭᠤᠲᠠ ᠪᠣᠯᠬᠤ ᠤᠯᠠᠮᠵᠢᠯᠠᠯᠲᠤ ᠮᠣᠩᠭᠤᠯ ᠬᠠᠭᠤᠷᠤᠭᠰᠠᠨ ᠪᠤᠳᠠᠭ᠎ᠠ 30 ᠤᠭᠤᠲᠠ ᠪᠠ ᠴᠢᠳᠬᠤᠵᠤ ᠰᠠᠪᠠᠯᠠᠭᠰᠠᠨ ᠪᠠᠷᠢᠮᠵᠢᠶ᠎ᠠ ᠨᠢ 20Kg / ᠤᠭᠤᠲᠠ ᠪᠣᠯᠬᠤ ᠮᠣᠩᠭᠤᠯ ᠬᠠᠭᠤᠷᠤᠭᠰᠠᠨ ᠪᠤᠳᠠᠭ᠎ᠠ 30 ᠤᠭᠤᠲᠠ ᠪᠠᠶᠢᠵᠤ᠂ 3 ᠰᠠᠷ᠎ᠠ ᠶᠢᠨ 10 ᠤ ᠡᠳᠦᠷ ᠠᠴᠠ ᠳᠡᠭᠡᠭᠰᠢᠬᠢ ᠬᠤᠶᠠᠷ ᠪᠠᠷᠢᠮᠵᠢᠶᠠᠲᠤ ᠪᠦᠲᠦᠭᠡᠭᠳᠡᠬᠦᠨ ᠢ ᠬᠥᠮᠥᠷᠭᠡ ᠳᠤ ᠣᠷᠣᠭᠤᠯᠵᠤ ᠯᠧ ᠪᠠ ᠳᠤ ᠬᠤᠳᠠᠯᠳᠤᠨ ᠥᠭᠴᠦ᠂ 360g ᠤᠭᠤᠲᠠ ᠤᠯᠠᠮᠵᠢᠯᠠᠯᠲᠤ ᠮᠣᠩᠭᠤᠯ ᠬᠠᠭᠤᠷᠤᠭᠰᠠᠨ ᠪᠤᠳᠠᠭ᠎ᠠ ᠪᠣᠷᠣᠯᠠᠭᠤᠯᠬᠤ ᠦᠨ᠎ᠡ ᠨᠢ 213.00 ᠲᠥᠭᠦᠷᠢᠭ᠂ 20Kg/ ᠤᠭᠤᠲᠠ ᠪᠤᠯᠬᠤ ᠬᠠᠭᠤᠷᠤᠭᠰᠠᠨ ᠪᠤᠳᠠᠭ᠎ᠠ 140 ᠲᠥᠭᠦᠷᠢᠭ ᠪᠣᠷᠣᠯᠠᠭᠤᠯᠵᠤ᠂ ᠪᠣᠷᠣᠯᠠᠭᠤᠯᠤᠭᠰᠠᠨ ᠵᠣᠭᠤᠰ ᠤᠨ ᠲᠤᠭ᠎ᠠ ᠨᠢ 4200.00 ᠲᠥᠭᠦᠷᠢᠭ᠂ ᠳᠡᠭᠡᠷᠡᠬᠢ ᠬᠤᠶᠠᠷ ᠦᠢᠯᠡᠳᠬᠦᠨ ᠤ ᠪᠣᠷᠣᠯᠠᠭᠤᠯᠤᠯᠲᠠ ᠶᠢᠨ ᠵᠣᠭᠤᠰ ᠤᠨ ᠲᠤᠭ᠎ᠠ ᠨᠢ ᠨᠡᠶᠢᠲᠡ 4413.00 ᠲᠥᠭᠦᠷᠢᠭ ᠪᠣᠯᠤᠨ᠎ᠠ᠃    ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠨᠲᠡ ᠲᠤᠰ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠡᠭᠡᠭᠦᠯᠦᠨ ᠪᠤᠴᠠᠭᠠᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠡᠭᠡᠭᠦᠯᠦᠨ ᠠᠪᠴᠢᠷᠠᠬᠤ ᠠᠯᠪᠠᠨ ᠵᠠᠷ ᠨᠡᠶᠢᠲᠡᠯᠡᠵᠦ᠂ ᠬᠢᠷᠢ ᠲᠡᠩᠴᠡᠬᠦ ᠦᠭᠡᠶ ᠦᠢᠯᠡᠳᠬᠦᠨ ᠢᠶᠠᠨ ᠡᠭᠡᠭᠦᠯᠦᠨ ᠠᠪᠴᠢᠷᠠᠬᠤ ᠬᠡᠷᠡᠭᠲᠡᠶ᠃ ᠣᠳᠣᠬᠠᠨ ᠳᠤ ᠲᠣᠰ ᠠᠵᠤ ᠠᠬᠤᠶᠢᠯᠠᠯ ᠨᠢᠭᠡᠨᠲᠡ 2024 ᠣᠨ ᠤ 3 ᠰᠠᠷ᠎ᠠ ᠶᠢᠨ 5 ᠤ ᠡᠳᠦᠷ 360 ᠭᠷᠠᠮ / ᠤᠭᠤᠲᠠ ᠶᠢᠨ ᠬᠠᠭᠤᠷᠤᠭᠰᠠᠨ ᠪᠤᠳᠠᠭ᠎ᠠ ᠪᠠᠷ 15 ᠤᠭᠤᠲᠠ ᠡᠭᠡᠭᠦᠯᠦᠨ ᠠᠪᠴᠢᠷᠠᠪᠠ︔ 20Kg / ᠤᠭᠤᠲᠠ ᠶᠢᠨ ᠬᠠᠭᠤᠷᠤᠭᠰᠠᠨ ᠪᠤᠳᠠᠭ᠎ᠠ ᠶᠢ ᠨᠢᠭᠡᠨᠲᠡ ᠪᠦᠬᠦᠨ ᠢ ᠡᠭᠡᠭᠦᠯᠦᠨ ᠠᠪᠴᠢᠷᠠᠵᠤ᠂ ᠨᠡᠶᠢᠲᠡ 30 ᠤᠭᠤᠲᠠ ᠡᠭᠡᠭᠦᠯᠦᠨ ᠪᠤᠴᠠᠭᠠᠪᠠ᠃    ᠥᠷᠭᠡᠨ ᠣᠯᠠᠨ ᠬᠡᠷᠡᠭᠯᠡᠭᠴᠢᠳ ᠬᠡᠷᠪᠡ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ 12315 ᠤᠲᠠᠰᠤ ᠶᠢ ᠤᠲᠠᠰᠤᠳᠠᠵᠤ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ    ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    2024 ᠣᠨ ᠤ 7 ᠰᠠᠷ᠎ᠠ ᠶᠢᠨ 31 ᠤ ᠡᠳᠦᠷᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2