ᠫᠢᠩ ᠭᠦ᠋ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠮᠠᠨ ᠤ ᠰᠢᠶᠠᠨ ᠳᠤ ᠭᠦᠨᠵᠡᠭᠡᠶᠢᠷᠡᠨ ᠬᠠᠮᠲᠤᠷᠠᠯᠴᠠᠭ᠎ᠠ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/10
  ᠬᠤᠶᠠᠷ ᠭᠠᠵᠠᠷ ᠤᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠶᠠᠷ ᠭᠠᠵᠠᠷ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 21 ᠤ ᠡᠳᠦᠷ ᠠᠴᠠ 23 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠫᠢᠩ ᠬᠥ᠋ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠯᠢ ᠰᠢᠤᠸᠠᠢ ᠬᠤᠩ ᠪᠦᠯᠬᠦᠮ ᠳᠠᠭᠠᠭᠤᠯᠤᠨ ᠮᠠᠨ ᠤ ᠰᠢᠶᠠᠨ ᠳᠤ ᠭᠦᠨᠵᠡᠭᠡᠶᠢᠷᠡᠨ ᠠᠵᠢᠯ ᠲᠥᠷᠥᠯ ᠢᠶᠠᠷ ᠢᠶᠠᠨ ᠳᠡᠮᠵᠢᠨ ᠲᠤᠰᠠᠯᠠᠵᠤ ᠰᠣᠯᠢᠯᠴᠠᠭ᠎ᠠ ᠬᠢᠬᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠫᠢᠩ ᠬᠥ᠋ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠮᠠᠨ ᠤ ᠰᠢᠶᠠᠨ ᠳᠤ 5 ᠲᠦᠮᠡᠨ ᠲᠥᠭᠦᠷᠢᠭ ᠤᠨ ᠲᠣᠬᠤᠨᠢᠭᠤᠯᠬᠤ ᠮᠥᠩᠭᠦ ᠬᠠᠨᠳᠢᠪᠯᠠᠵᠤ᠂ ᠲᠤᠬᠠᠶ ᠶᠢᠨ ᠭᠠᠵᠠᠷ ᠤᠨ ᠠᠮᠢᠳᠤᠷᠠᠯ ᠨᠢ ᠬᠦᠴᠢᠷᠳᠡᠯᠲᠡᠶ ᠡᠮᠡᠭᠲᠡᠶᠢᠴᠦᠳ ᠬᠡᠤᠬᠡᠳ ᠢ ᠬᠠᠪᠰᠤᠷᠬᠤ ᠳᠤ ᠬᠡᠷᠡᠭᠯᠡᠵᠦ᠂ ᠫᠢᠩ ᠬᠥ᠋ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠮᠠᠨ ᠤ ᠰᠢᠶᠠᠨ ᠤ ᠡᠮᠡᠭᠲᠡᠶᠢᠴᠦᠳ ᠬᠡᠤᠬᠡᠳ ᠤᠨ ᠦᠢᠯᠡᠰ ᠢ ᠭᠦᠨ ᠬᠠᠯᠠᠮᠵᠢᠯᠠᠵᠤ ᠪᠠᠶᠢᠬᠤ ᠪᠠᠨ ᠢᠯᠡᠳᠬᠡᠪᠡ᠃ ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠬᠤᠶᠠᠷ ᠲᠠᠯ᠎ᠠ ᠶᠢᠨ ᠬᠤᠷᠠᠯ ᠳᠤ ᠣᠷᠣᠯᠴᠠᠭᠰᠠᠳ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ᠂ ᠭᠡᠷ ᠪᠦᠯᠢ ᠶᠢᠨ ᠪᠠᠶᠢᠭᠤᠯᠤᠯᠲᠠ᠂ ᠦᠢᠯᠡᠰ ᠪᠤᠰᠬᠠᠵᠤ ᠠᠵᠢᠯ ᠣᠯᠭᠤᠬᠤ ᠵᠡᠷᠭᠡ ᠲᠠᠯ᠎ᠠ ᠶᠢᠨ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃    ᠡᠭᠦᠨ ᠤ ᠬᠠᠮᠲᠤ᠂ ᠫᠢᠩ ᠬᠥ᠋ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠣᠨᠴᠠ ᠤᠷᠢᠭᠰᠠᠨ ᠴᠢ ᠷᠦᠨ ᠬᠡᠷ ᠪᠦᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠴᠧᠨ ᠭᠦᠸᠧ ᠬᠤᠩ ᠪᠠᠭᠰᠢ ᠱᠠᠩᠳᠤ ᠰᠢᠶᠠᠨ ᠤ ᠬᠡᠰᠡᠭ ᠣᠯᠠᠨ ᠲᠦᠮᠡᠨ ᠳᠤ ᠬᠡᠷ ᠪᠦᠯᠢ ᠶᠢᠨ ᠲᠠᠶᠢᠯᠤᠮᠵᠢ ᠬᠢᠵᠦ᠂ ᠲᠠᠶᠢᠯᠤᠮᠵᠢ ᠨᠢ ᠠᠮᠢᠳᠤ ᠴᠣᠪᠣᠭᠤᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠬᠡᠷ ᠪᠦᠯᠢ ᠶᠢᠨ ᠬᠥᠮᠦᠵᠢᠯ ᠤᠨ ᠬᠡᠤᠬᠡᠳ ᠤᠨ ᠦᠰᠦᠨ ᠪᠤᠶᠢᠵᠢᠯᠲᠠ ᠶᠢᠨ ᠶᠠᠪᠤᠴᠠ ᠳᠠᠬᠢ ᠣᠷᠣᠯᠠᠵᠤ ᠪᠣᠯᠤᠰᠢ ᠥᠬᠡᠶ ᠴᠢᠨᠠᠷ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠬᠡᠷᠬᠢᠨ ᠨᠠᠩ ᠰᠠᠶᠢᠨ ᠬᠡᠤᠬᠡᠳ ᠪᠤᠶᠢᠵᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠪᠠ ᠬᠡᠷᠡᠭᠯᠡᠭᠡᠨ ᠤ ᠤᠷ᠎ᠠ ᠮᠡᠷᠭᠡᠵᠢᠯ ᠢ ᠵᠢᠭᠠᠵᠤ ᠥᠭᠴᠡᠶ᠃ ᠲᠠᠶᠢᠯᠤᠮᠵᠢ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠭᠡᠷ ᠤᠨ ᠠᠬᠠᠮᠠᠳ ᠶᠡᠭᠡ ᠣᠯᠤᠯᠲᠠ ᠲᠠᠢ ᠭᠡᠵᠦ ᠢᠯᠡᠳᠬᠡᠵᠡᠭᠡᠪᠡ᠃    ᠡᠭᠦᠨ ᠠᠴᠠ ᠭᠠᠳᠠᠨ᠎ᠠ᠂ ᠯᠢ ᠰᠢᠤᠸᠠᠢ ᠬᠤᠩ ᠨᠠᠷ ᠮᠠᠨ ᠤ ᠰᠢᠶᠠᠨ ᠤ ᠵᠤᠤ ᠷᠦᠨ ᠯᠢᠨ ᠤ ᠠᠵᠢᠯᠯᠠᠬᠤ ᠲᠠᠰᠤᠭ᠂ ᠵᠡᠭᠦᠨ ᠵᠠᠮ ᠤᠨ ᠡᠯ ᠷᠧᠨ ᠲᠠᠢ ᠤᠷᠠᠯᠢᠭ ᠤᠨ ᠪᠣᠯᠪᠠᠰᠤᠷᠠᠯ ᠤᠨ ᠭᠠᠵᠠᠷ᠂ ᠴᠢ ᠲᠠᠢ ᠪᠠᠯᠭᠠᠰᠤᠨ ᠤ ᠱᠦᠢ ᠬᠤᠢ ᠨᠡᠶᠢᠭᠡᠮ ᠲᠣᠭᠤᠷᠢᠭ ᠪᠣᠯᠤᠨ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠢ ᠲᠣᠭᠤᠷᠢᠨ ᠦᠵᠡᠵᠦ᠂ ᠮᠠᠨ ᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠰᠣᠶᠣᠯ ᠤᠨ ᠤᠯᠠᠮᠵᠢᠯᠠᠯ᠂ ᠨᠡᠶᠢᠭᠡᠮ ᠲᠣᠭᠤᠷᠢᠭ ᠤᠨ ᠬᠥᠭᠵᠢᠯᠲᠡ᠂ ᠡᠯᠧᠺᠳ᠋ᠷᠣᠨ ᠬᠤᠳᠠᠯᠳᠤᠭᠠᠨ ᠤ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠭᠦᠨᠵᠡᠭᠡᠢ ᠣᠶᠢᠯᠠᠭᠠᠵᠤ᠂ ᠯᠢ ᠰᠢᠤᠸᠠᠢ ᠬᠤᠩ ᠲᠤᠰ ᠤᠳᠠᠭ᠎ᠠ ᠶᠢᠨ ᠰᠣᠯᠢᠯᠴᠠᠭᠠᠨ ᠤ ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠫᠢᠩ ᠭᠦ᠋ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠪᠣᠯᠤᠨ ᠱᠠᠩᠳᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠰᠣᠯᠢᠯᠴᠠᠭ᠎ᠠ ᠬᠢᠵᠦ ᠬᠠᠷᠢᠯᠴᠠᠨ ᠲᠤᠯᠢ ᠪᠣᠯᠭᠠᠬᠤ ᠶᠢ ᠴᠢᠨᠠᠭᠰᠢᠳᠠ ᠴᠢᠩᠭᠠᠳᠬᠠᠵᠤ᠂ ᠨᠡᠩ ᠤᠯᠠᠨ ᠬᠦᠷᠢᠶᠡᠨ ᠳᠤ ᠬᠠᠮᠲᠤᠷᠠᠯᠴᠠᠭᠠᠨ ᠤ ᠰᠠᠨᠠᠮᠵᠢ ᠲᠤᠬᠢᠷᠠᠯᠴᠠᠵᠤ᠂ ᠬᠤᠶᠠᠷ ᠭᠠᠵᠠᠷ ᠤᠨ ᠡᠮᠡᠭᠲᠡᠶᠢᠴᠦᠳ ᠬᠡᠦᠬᠡᠳ ᠤᠨ ᠦᠢᠯᠡᠰ ᠤᠨ ᠴᠡᠴᠡᠭᠯᠡᠨ ᠬᠥᠭᠵᠢᠬᠦ ᠶᠢ ᠬᠠᠮᠲᠤᠪᠠᠷ ᠠᠬᠢᠭᠤᠯᠬᠤ ᠶᠢ ᠬᠦᠰᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2