2024 ᠣᠨ ᠳᠤ ᠤᠯᠠᠭᠠᠨᠴᠠᠪ ᠬᠤᠲᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠬᠥᠳᠡᠭᠡ ᠲᠣᠰᠬᠤᠨ ᠤ ᠠᠶᠠᠯᠠᠯ︾ ᠤᠨ ᠡᠬᠢᠯᠡᠯᠲᠡ ᠶᠢᠨ ᠶᠣᠰᠣᠯᠠᠯ ᠱᠠᠩᠳᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/2
  8 ᠰᠠᠷ᠎ᠠ ᠶᠢᠨ 22 ᠤᠨ ᠡᠳᠦᠷ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠨ ᠤᠯᠠᠮᠵᠢᠯᠠᠬᠤ ᠰᠢᠨ᠎ᠡ ᠶᠢ ᠡᠭᠦᠳᠬᠦ ᠲᠥᠪ᠂ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠠᠭᠠᠭᠠᠴᠢᠯᠠᠨ ᠡᠷᠭᠢᠯᠡᠭᠰᠡᠨ 2024 ᠣᠨ ᠤ ᠤᠯᠠᠭᠠᠨᠴᠠᠪ ᠬᠤᠲᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠬᠥᠳᠡᠭᠡ ᠲᠣᠰᠬᠤᠨ ᠤ ᠠᠶᠠᠯᠠᠯ︾ ᠤᠨ ᠡᠬᠢᠯᠡᠯᠲᠡ ᠶᠢᠨ ᠶᠣᠰᠣᠯᠠᠯ ᠱᠠᠩᠳᠤ ᠰᠢᠶᠠᠨ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠨᠢ ︽ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠦᠰᠡᠯ ᠵᠡᠭᠦᠳᠦ ᠪᠠᠨ ᠬᠥᠭᠡᠭᠡᠴᠡᠯᠳᠦᠬᠦ ᠳᠤ ᠬᠦᠴᠦᠨ ᠨᠡᠮᠡᠷᠢᠯᠡᠬᠦ ᠰᠢᠨᠵᠢᠯᠡᠬᠦ ᠤᠬᠠᠭᠠᠨ ᠤ ᠭᠡᠷᠡᠯ︾ ᠭᠡᠬᠦ ᠭᠤᠤᠯ ᠰᠡᠳᠦᠪ ᠨᠢ ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠨᠠᠢᠮᠠᠨ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠶ ᠰᠠᠨᠠᠯ ᠢ ᠭᠦᠨᠵᠡᠭᠡᠶ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠢ ᠤᠯᠠᠮ ᠨᠢᠭᠡ ᠠᠯᠬᠤᠮ ᠬᠥᠭᠵᠢᠭᠡᠵᠦ᠂ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠬᠤᠸᠠᠩ ᠴᠧᠨ ᠾᠦᠢ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠭᠤᠸᠠᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠲᠣᠰ ᠤᠳᠠᠭᠠᠨ ᠤ ︽ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠬᠥᠳᠡᠭᠡ ᠲᠣᠰᠬᠤᠨ ᠤ ᠠᠶᠠᠯᠠᠯ︾ ᠤᠨ ᠠᠵᠢᠯᠯᠠᠭ᠎ᠠ ᠨᠢ 10 ᠰᠠᠷ᠎ᠠ ᠪᠣᠯᠲᠠᠯ᠎ᠠ ᠦᠷᠭᠦᠯᠵᠢᠯᠡᠵᠦ᠂ ᠡᠯ᠎ᠡ ᠬᠤᠰᠢᠭᠤ ᠰᠢᠶᠠᠨ ᠲᠤᠬᠠᠶ ᠶᠢᠨ ᠭᠠᠵᠠᠷ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠵᠣᠬᠢᠶᠠᠮᠠᠯ ᠣᠶᠤᠨ ᠴᠢᠳᠠᠪᠤᠷᠢ ᠵᠡᠷᠭᠡ ᠭᠤᠤᠯ ᠰᠡᠳᠦᠪ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠤ ᠬᠢᠴᠢᠶᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮ ᠤᠨ ᠪᠦᠯᠬᠦᠮ᠂ ᠰᠢᠨᠵᠢᠯᠡᠬᠦ ᠤᠬᠠᠭᠠᠨ ᠤ ᠣᠶᠢᠯᠠᠭᠠᠯᠲᠠ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠣᠯᠠᠨ ᠵᠦᠢᠯ ᠤᠨ ᠬᠡᠯᠪᠡᠷᠢ ᠪᠠᠷ ᠥᠷᠨᠢᠭᠦᠯᠦᠨ᠎ᠡ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠵᠢᠯᠲᠠᠳ ᠰᠤᠷᠤᠭᠴᠢᠳ ᠢ ᠵᠣᠬᠢᠶᠠᠨ ᠪᠠᠶᠢᠭᠤᠯᠤᠨ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠢ ᠲᠣᠭᠤᠷᠢᠨ ᠦᠵᠡᠵᠦ᠂ ᠮᠠᠰᠢᠨ ᠬᠥᠮᠦᠨ ᠲᠠᠢ ᠬᠠᠷᠢᠯᠴᠠᠨ ᠬᠥᠳᠡᠯᠦᠯᠴᠡᠬᠦ᠂ VR ᠨᠢᠳᠦᠨ ᠰᠢᠯ᠂ ᠰᠠᠨᠰᠠᠷ ᠤᠨ ᠠᠶᠠᠯᠠᠯ ᠤᠨ ᠵᠠᠭᠪᠤᠷ DIY᠂ ᠹᠢᠽᠢᠺ ᠤᠨ ᠲᠤᠷᠰᠢᠯᠲᠠ ᠶᠢᠨ ᠬᠢᠴᠢᠶᠡᠯ ᠵᠡᠷᠭᠡ ᠶᠢ ᠪᠡᠶᠡᠴᠢᠯᠡᠨ ᠣᠶᠢᠯᠠᠭᠠᠵᠠᠢ᠃ ᠳᠦᠭᠦᠮᠬᠡᠨ ᠰᠢᠭᠤᠳ ᠠᠵᠢᠭᠯᠠᠵᠤ ᠪᠣᠯᠬᠤ ᠳᠡᠯᠭᠡᠨ ᠦᠵᠡᠭᠦᠯᠬᠦ ᠬᠡᠷᠡᠭᠰᠡᠯ ᠤᠳ ᠨᠢ ᠳᠠᠭᠤᠨ ᠤ ᠤᠬᠠᠭᠠᠨ᠂ ᠬᠡᠷᠡᠯ ᠤᠨ ᠤᠬᠠᠭᠠᠨ᠂ ᠴᠠᠬᠢᠯᠭᠠᠨ ᠡᠨᠧᠷᠭᠢ᠂ ᠰᠤᠷᠤᠨᠵᠢᠨ ᠴᠢᠳᠠᠪᠤᠷᠢ ᠵᠡᠷᠭᠡ ᠰᠢᠨᠵᠢᠯᠡᠭᠡᠨ ᠤ ᠰᠠᠯᠠᠭᠠᠨ ᠤ ᠮᠡᠳᠡᠯᠭᠡ ᠶᠢ ᠬᠠᠮᠤᠷᠴᠤ᠂ ᠬᠡᠦᠬᠡᠳ ᠤᠨ ᠬᠠᠯᠠᠭᠤᠮᠰᠤᠭ ᠢᠶᠠᠷ ᠣᠷᠣᠯᠴᠠᠬᠤ ᠶᠢ ᠲᠠᠲᠠᠵᠤ᠂ ᠦᠵᠡᠭᠦᠯᠭᠡ ᠶᠢᠨ ᠪᠣᠳᠠᠰ ᠨᠢᠭᠡᠪᠦᠷᠢ ᠶᠢᠨ ᠡᠮᠦᠨ᠎ᠡ ᠴᠥᠮ ᠰᠤᠷᠤᠭᠴᠢ ᠪᠠᠷ ᠳᠦᠭᠦᠷᠴᠦ᠂ ᠤᠯᠠᠨ ᠢᠶᠠᠷ ᠢᠶᠠᠨ ︽ᠲᠤᠷᠰᠢᠵᠦ ᠲᠤᠷᠰᠢᠬᠤ︾᠂ ︽ᠪᠤᠳᠤᠵᠤ ᠦᠵᠡᠬᠦ︾ ᠳᠤᠮᠳᠠ ᠰᠢᠨᠵᠢᠯᠡᠬᠦ ᠤᠬᠠᠭᠠᠨ ᠠᠴᠠ ᠪᠣᠯᠤᠭᠰᠠᠨ ᠪᠠᠶᠠᠷ ᠪᠠᠶᠠᠰᠤᠯ ᠢ ᠣᠶᠢᠯᠠᠭᠠᠪᠠ᠃    ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠬᠡᠤᠬᠡᠳ ᠤᠳ ᠲᠤ ᠰᠢᠨᠵᠢᠯᠡᠬᠦ ᠤᠬᠠᠭᠠᠨ ᠢ ᠣᠶᠢᠷᠠᠲᠤᠭᠤᠯᠵᠤ᠂ ᠰᠢᠨᠵᠢᠯᠡᠬᠦ ᠤᠬᠠᠭᠠᠨ ᠢ ᠪᠡᠶᠡᠴᠢᠯᠡᠨ ᠣᠶᠢᠯᠠᠭᠠᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠬᠦᠷᠲᠡᠭᠡᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠡᠤᠬᠡᠳ ᠤᠳ ᠲᠤ ᠰᠢᠨᠵᠢᠯᠡᠬᠦ ᠤᠬᠠᠭᠠᠨ ᠮᠡᠷᠭᠡᠵᠢᠯ ᠪᠠ ᠰᠤᠷᠭᠠᠨ ᠬᠥᠮᠦᠵᠢᠯ ᠤᠨ ᠬᠡᠷᠡᠯ ᠭᠡᠭᠡ ᠶᠢ ᠠᠰᠠᠭᠠᠵᠤ᠂ ᠬᠥᠳᠡᠭᠡ ᠲᠣᠰᠬᠤᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ  ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2