ᠮᠣᠳᠣ ᠰᠢᠶᠠᠩ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/23
  ᠭᠠᠵᠢᠭᠤ ᠨᠣᠮᠯᠠᠯ ᠢ ᠰᠡᠷᠭᠡᠶᠢᠯᠡᠬᠦ ᠪᠠ ᠡᠰᠡᠷᠭᠦᠴᠡᠨ ᠬᠤᠷᠢᠭᠯᠠᠬᠤ ᠲᠤᠬᠠᠶ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠣᠯᠠᠨ ᠲᠦᠮᠡᠨ ᠤ ᠭᠠᠵᠢᠭᠤ ᠨᠣᠮᠯᠠᠯ ᠤᠨ ᠬᠤᠤᠷ ᠬᠥᠨᠥᠭᠡᠯ ᠤᠨ ᠲᠤᠬᠠᠶ ᠲᠠᠨᠢᠯᠲᠠ ᠶᠢ ᠨᠡᠮᠡᠭᠳᠡᠭᠦᠯᠦᠨ᠂ ᠣᠯᠠᠨ ᠲᠦᠮᠡᠨ ᠤ ᠥᠪᠡᠷ ᠢ ᠪᠠᠨ ᠰᠡᠷᠭᠡᠶᠢᠯᠡᠬᠦ ᠪᠠ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ᠂ ᠡᠶ᠎ᠡ ᠵᠣᠬᠢᠴᠠᠩᠭᠤᠶ᠂ ᠲᠣᠭᠲᠠᠭᠤᠨ ᠪᠠᠶᠢᠳᠠᠭ ᠲᠠᠤᠯᠠᠢ ᠲᠣᠰᠬᠤᠨ ᠤ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ 2024 ᠣᠨ ᠤ 8 ᠰᠠᠷ᠎ᠠ ᠶᠢᠨ 28 ᠤ ᠡᠳᠦᠷ᠂ ᠮᠣᠣ ᠳ᠋ᠦ᠋ ᠰᠢᠶᠠᠩ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠤᠬᠠᠭᠤᠯᠭ᠎ᠠ ᠶᠢᠨ ᠮᠠᠲ᠋ᠧᠷᠢᠶᠠᠯ ᠢᠶᠠᠷ ᠳᠠᠮᠵᠢᠭᠤᠯᠤᠨ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠲᠠᠷᠬᠠᠭᠠᠨ ᠲᠦᠭᠡᠮᠡᠯᠵᠢᠭᠦᠯᠵᠦ᠂ ᠤᠯᠠᠨ ᠲᠦᠮᠡᠨ ᠤ ᠭᠠᠵᠢᠭᠤ ᠨᠣᠮᠯᠠᠯ ᠢ ᠢᠯᠭᠠᠨ ᠲᠠᠨᠢᠬᠤ ᠴᠢᠳᠠᠪᠤᠷᠢ ᠪᠠ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ ᠶᠢᠨ ᠮᠥᠨ ᠴᠢᠨᠠᠷ ᠢ ᠢᠯᠡᠴᠢᠯᠡᠵᠦ᠂ ᠤᠯᠠᠨ ᠲᠦᠮᠡᠨ ᠤ ᠭᠠᠵᠢᠭᠤ ᠨᠣᠮᠯᠠᠯ ᠢ ᠰᠡᠷᠡᠮᠵᠢᠯᠡᠬᠦ ᠴᠢᠨᠠᠷ ᠪᠠ ᠡᠰᠡᠷᠭᠦᠴᠡᠨ ᠬᠤᠷᠢᠭᠯᠠᠬᠤ ᠬᠦᠴᠦᠨ ᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠢ ᠡᠷᠬᠢᠮᠯᠡᠬᠦ᠂ ᠭᠠᠵᠢᠭᠤ ᠨᠣᠮᠯᠠᠯ ᠢ ᠡᠰᠡᠷᠭᠦᠴᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠬᠥᠳᠡᠭᠡ ᠲᠣᠰᠬᠤᠨ ᠤ ᠠᠮᠤᠷ ᠲᠦᠪᠰᠢᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠤᠯᠠᠨ ᠲᠦᠮᠡᠨ ᠤ ᠬᠠᠯᠠᠭᠤᠨ ᠢᠶᠠᠷ ᠴᠤᠤᠷᠢᠶᠠᠲᠤᠨ ᠳᠠᠭᠠᠬᠤ ᠪᠠ ᠢᠳᠡᠪᠬᠢᠲᠡᠢ ᠣᠷᠣᠯᠴᠠᠬᠤ ᠶᠢ ᠣᠯᠵᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠨᠥᠯᠥᠭᠡᠯᠡᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠪᠡ᠃    ᠳᠠᠷᠠᠭᠠᠴᠢ ᠶᠢᠨ ᠠᠯᠬᠤᠮ ᠳᠤ᠂ ᠮᠣᠣ ᠳ᠋ᠦ᠋ ᠰᠢᠶᠠᠩ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠵᠢᠴᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠮᠲᠤᠪᠠᠷ ᠴᠣᠬᠢᠯᠲᠠ ᠥᠭᠭᠦᠨ᠎ᠡ᠃ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2