ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠷᠢ ᠲᠡᠩᠴᠡᠬᠦ ᠦᠭᠡᠢ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠳᠡᠯ ︵ᠳᠣᠯᠤᠭ᠎ᠠ︶
ᠨᠡᠶᠢᠲᠡᠯᠡᠭᠰᠡᠨ ᠴᠠᠭ᠄
2024/9/25
   ᠡᠳᠦᠭᠡ ᠱᠠᠩᠳᠤ ᠰᠢᠶᠠᠨ ᠤ ᠼᠤᠤ ᠣᠪᠣᠭᠲᠤ ᠶᠢᠨ ᠠᠮᠤ ᠲᠣᠰᠣ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠳᠤ ᠬᠢᠷᠢ ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄    1᠂ ᠰᠤᠭᠤᠴᠢᠨ ᠪᠠᠶᠢᠴᠠᠭᠠᠬᠤ ᠦᠨᠳᠦᠰᠦᠨ ᠪᠠᠶᠢᠳᠠᠯ ᠤᠨ ᠥᠯᠢᠭᠡᠷ ᠡᠳ᠋ ᠤᠨ ᠨᠡᠷᠡᠶᠢᠳᠦᠯ᠄ ᠬᠤᠮᠠ ᠶᠢᠨ ᠲᠣᠰᠣ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ 4 ᠰᠠᠷ᠎ᠠ ᠶᠢᠨ 10 ᠤ ᠡᠳᠦᠷ︔ ᠶᠠᠰᠤ ᠴᠢᠨᠠᠷ ᠤᠨ ᠲᠠᠰ᠄ ᠬᠤᠶᠠᠳᠤᠭᠠᠷ ᠳᠡᠰ︔ ᠬᠡᠪ ᠪᠠᠷᠢᠮᠵᠢᠶ᠎ᠠ ᠬᠡᠯᠪᠡᠷᠢ ᠮᠠᠶ᠋ᠢᠭ᠄ 5L / ᠰᠠᠭᠤᠯᠠᠭ᠎ᠠ︔ ᠦᠯᠢᠭᠡᠷ ᠠᠪᠬᠤ ᠰᠠᠭᠤᠷᠢ ᠲᠤᠭ᠎ᠠ᠄ 2 ᠰᠠᠭᠤᠯᠠᠭ᠎ᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠪᠧᠨ᠋ᠽᠧᠨ ᠤ ᠵᠡᠷᠭᠡᠴᠡᠭᠡ ︹a] ᠭᠤᠯᠣᠮᠲᠠ ᠶᠢᠨ ᠲᠥᠷᠥᠯ ᠵᠦᠢᠯ ᠨᠢ GB2762 - 2022 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠪᠣᠬᠢᠷ ᠪᠣᠳᠠᠰ ᠤᠨ ᠬᠢᠵᠠᠭᠠᠷᠯᠠᠭᠰᠠᠨ ᠬᠡᠮᠵᠢᠶ᠎ᠡ︾︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠦᠨᠡᠯᠡᠬᠦ ᠪᠠᠶᠢᠴᠠᠭᠠᠨ ᠰᠢᠯᠭᠠᠬᠤ ᠲᠥᠪ᠃    2. ᠬᠢᠷᠢ ᠲᠡᠩᠴᠡᠬᠦ ᠦᠭᠡᠢ ᠢᠳᠡᠭᠡᠨ ᠢ ᠰᠢᠢᠳᠪᠦᠷᠢᠯᠡᠭᠰᠡᠨ ᠪᠠᠶᠢᠳᠠᠯ ᠱᠠᠩᠳᠤ ᠰᠢᠶᠠᠨ ᠤ ᠼᠣᠣ ᠣᠪᠣᠭᠲᠤ ᠠᠮᠤ ᠲᠤᠰᠤ ︵ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ 4 ᠰᠠᠷ᠎ᠠ ᠶᠢᠨ 10 ᠤ ᠡᠳᠦᠷ︔ ᠶᠠᠰᠤ ᠴᠢᠨᠠᠷ ᠤᠨ ᠳᠡᠰ᠄ ᠬᠤᠶᠠᠳᠤᠭᠠᠷ ᠳᠡᠰ︔ ᠬᠡᠪ ᠪᠠᠷᠢᠮᠵᠢᠶ᠎ᠠ ᠬᠡᠯᠪᠡᠷᠢ ᠮᠠᠶ᠋ᠢᠭ᠄ 5L / ᠰᠠᠭᠤᠯᠠᠭ᠎ᠠ︔ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠧᠨ᠋ᠽᠧᠨ ᠬᠢᠭᠡᠳ ︹a︺ ᠲᠠᠯᠪᠢᠭᠳᠠᠵᠤ ᠪᠠᠶᠢᠭ᠎ᠠ ᠵᠦᠢᠯᠡᠰ ᠨᠢ GB276-2022 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠢᠳᠡᠭᠡᠨ ᠤ ᠪᠣᠬᠢᠷᠲᠤᠯ ᠪᠣᠳᠠᠰ ᠤᠨ ᠬᠡᠮᠵᠢᠶ᠎ᠡ ᠶᠢ ᠬᠢᠵᠠᠭᠠᠷᠯᠠᠬᠤ︾ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ᠂ ᠲᠤᠰ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ ︾ ᠶᠢᠨ ᠭᠤᠴᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠠᠢ ᠬᠠᠷᠢᠴᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠲᠤᠬᠠᠶ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠢᠯᠣᠭᠤᠳᠬᠤ ᠰᠠᠨᠠᠯ︾ ᠤᠨ ᠠᠷᠪᠠᠨ ᠳᠥᠷᠪᠡᠳᠦᠭᠡᠷ ᠵᠦᠢᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠨ ᠵᠤᠷᠪᠤᠰ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠲᠣᠬᠢᠷᠠᠬᠤ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠨ ᠵᠤᠷᠪᠤᠰ ᠲᠠᠢ ᠬᠠᠷᠢᠴᠠᠭᠤᠯᠵᠤ᠂ ᠲᠤᠬᠠᠢ ᠶᠢᠨ ᠬᠥᠮᠥᠨ ᠳᠤ᠄ 1᠂ 5000 ᠲᠥᠭᠦᠷᠢᠭ ᠵᠣᠭᠤᠰ ᠢᠶᠠᠷ ᠲᠣᠷᠭᠠᠨ᠎ᠠ︔ 2᠂ ᠬᠠᠤᠯᠢ ᠠᠴᠠ ᠵᠥᠷᠢᠴᠡᠭᠰᠡᠨ ᠣᠯᠵᠠᠪᠤᠷᠢ ᠶᠢ 1170.00 ᠲᠥᠭᠦᠷᠢᠭ ᠬᠤᠷᠢᠶᠠᠨ ᠠᠪᠤᠨ᠎ᠠ︔    3. ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ    ᠱᠠᠩᠳᠤ ᠰᠢᠶᠠᠨ ᠤ ᠼᠤᠤ ᠣᠪᠣᠭᠲᠤ ᠶᠢᠨ ᠠᠮᠤ ᠲᠣᠰᠣ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠨᠢᠭᠡᠨᠲᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠲᠤᠰᠢᠶᠠᠵᠠᠶ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢᠭᠡᠨᠲᠡ ᠲᠡᠭᠦᠨ ᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠬᠢᠨ ᠪᠠᠶᠢᠴᠠᠭᠠᠵᠤ ᠰᠢᠯᠭᠠᠨ ᠠᠪᠤᠪᠠ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃    ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    2024 ᠣᠨ ᠤ 9 ᠰᠠᠷ᠎ᠠ ᠶᠢᠨ 24 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2