ᠪᠥᠬᠦ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠣᠶ ᠰᠢᠭᠤᠶ ᠡᠪᠡᠰᠦ ᠪᠡᠯᠴᠢᠭᠡᠷ ᠤᠨ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/26
 8 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠤᠢ ᠰᠢᠭᠤᠢ ᠡᠪᠡᠰᠦ ᠪᠡᠯᠴᠢᠭᠡᠷ ᠤᠨ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠯᠢ ᠶᠠ ᠳ᠋ᠦᠩ᠂ ᠵᠠᠩ ᠿᠢ ᠭᠤᠤ᠂ ᠮᠧᠩ ᠶᠦᠩ ᠴᠢᠩ᠂ ᠴᠧᠨ ᠶᠠ ᠮᠢᠩ᠂ ᠮᠧᠩ ᠽᠧ ᠴᠢᠶᠦ᠋ᠩ᠂ ᠼᠦᠢ ᡁᠢ ᠸᠧᠢ᠂ ᠸᠠᠩ ᠬᠤ᠋ ᠵᠢᠶᠦ᠋ᠨ᠂ ᠯᠢᠦ ᠷᠦᠢ ᠬᠤᠷᠠᠯ ᠳᠤ ᠣᠷᠣᠯᠴᠠᠵᠤ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠤᠸᠠᠨ ᠬᠠᠢ ᠬᠤᠩ ᠂ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠪᠦᠷᠢᠯᠳᠦᠬᠦᠨ ᠨᠢᠭᠡᠴᠡ ᠵᠢᠴᠢ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃    ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠠᠳᠬᠤᠬᠤ ᠨᠢ ᠡᠷᠬᠡᠪᠰᠢ ᠪᠡᠶᠡᠯᠡᠭᠦᠯᠬᠦ ᠤᠯᠤᠰ ᠲᠦᠷᠦ ᠶᠢᠨ ᠡᠭᠦᠷᠭᠡ ᠪᠣᠯᠬᠤ ᠪᠠᠷ ᠪᠠᠷᠠᠬᠤ ᠦᠭᠡᠢ ᠪᠠᠰᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠬᠡᠷᠡᠭᠴᠡᠭᠡ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠨᠡᠨᠬᠦ ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠵᠢᠯᠴᠠᠨ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ ᠪᠣᠯᠤᠨ ᠭᠤᠣᠯᠳᠠᠯᠭ᠎ᠠ ᠲᠠᠢ ᠣᠷᠣᠨ ᠪᠠᠶᠢᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠤ ᠭᠤᠣᠯᠳᠠᠯᠭ᠎ᠠ ᠲᠠᠢ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠪᠦᠬᠦ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2