ᠪᠡᠭᠡᠵᠢᠩ ᠬᠤᠲᠠ ᠶᠢᠨ ᠫᠢᠩ ᠬᠥ᠋ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠶᠦᠩ ᠱᠧᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠲᠠᠢ ᠵᠣᠯᠭᠠᠭᠤᠯᠪᠠ
ᠨᠡᠶᠢᠲᠡᠯᠡᠭᠰᠡᠨ ᠴᠠᠭ᠄
2024/9/28
    8 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠫᠢᠩ ᠬᠥ᠋ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠶᠦᠩ ᠱᠧᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠢ ᠵᠣᠯᠭᠠᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠤᠸᠠᠢ ᠶᠠᠨ ᠮᠧᠶ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠮᠥ ᠢᠦᠶ ᠳ᠋ᠦᠩ ᠲᠣᠰ ᠲᠣᠰ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠶ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠰᠢᠨ ᠭᠦᠸᠧ ᠣᠷᠣᠯᠴᠠᠵᠠᠶ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠶᠢᠦ ᠶᠤᠸᠠᠨ ᠮᠠᠯ ᠠᠵᠤ ᠠᠬᠤᠢ᠂ ᠰᠢ ᠰᠧᠨ ᠲᠥᠮᠥᠰᠥ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠶᠢᠨ ᠱᠢ ᠱᠠᠨ ᠮᠥᠰᠥᠨ ᠭᠤᠣᠯ ᠤᠨ ᠴᠢᠯᠠᠭᠤᠨ ᠤᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠭᠦᠨᠵᠡᠭᠡᠢ ᠰᠣᠯᠢᠯᠴᠠᠬᠤ ᠠᠷᠭ᠎ᠠ ᠬᠡᠯᠪᠡᠷᠢ ᠪᠠᠷ ᠮᠠᠨ ᠤ ᠰᠢᠶᠠᠨ ᠤ ᠠᠵᠤ ᠦᠢᠯᠡᠰ ᠤᠨ ᠬᠥᠭᠵᠢᠯᠲᠡ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃    ᠶᠠᠷᠢᠯᠴᠠᠬᠤ ᠬᠤᠷᠠᠯ ᠳᠡᠭᠡᠷ᠎ᠡ᠂ ᠬᠤᠶᠠᠷ ᠭᠠᠵᠠᠷ ᠤᠨ ᠤᠯᠤᠰ ᠲᠦᠷᠦ ᠶᠢᠨ ᠵᠥᠪᠯᠡᠯᠭᠡᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠪᠡᠯᠡᠭᠯᠡᠨ ᠬᠦᠷᠭᠡᠬᠦ ᠶᠣᠰᠣᠯᠠᠯ ᠶᠠᠪᠤᠭᠤᠯᠵᠠᠢ᠃    ᠶᠠᠩ ᠸᠧᠨ ᠾᠦᠢ ᠫᠢᠩ ᠭᠦ᠋ ᠲᠣᠭᠤᠷᠢᠭ ᠠᠴᠠ ᠱᠠᠩᠳᠤ ᠰᠢᠶᠠᠨ ᠢ ᠶᠡᠬᠡᠪᠡᠷ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠫᠢᠩ ᠭᠦ᠋ ᠲᠣᠭᠤᠷᠢᠭ ᠪᠣᠯᠤᠨ ᠱᠠᠩᠳᠤ ᠰᠢᠶᠠᠨ ᠬᠤᠶᠠᠷ ᠭᠠᠵᠠᠷ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠣᠪᠴᠢ ᠲᠠᠨᠢᠯᠴᠠᠭᠤᠯᠵᠤ᠂ ᠬᠤᠶᠠᠷ ᠭᠠᠵᠠᠷ ᠤᠨ ᠬᠢᠨ ᠤᠯᠤᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠪᠡ᠃    ᠯᠢ ᠶᠦᠩ ᠱᠧᠩ ᠲᠠᠷᠢᠶᠠᠯᠠᠩ᠂ ᠵᠢᠭᠤᠯᠴᠢᠯᠠᠯ᠂ ᠰᠤᠷᠭᠠᠨ ᠬᠥᠮᠦᠵᠢᠯ ᠤᠨ ᠬᠥᠭᠵᠢᠯᠲᠡ ᠵᠡᠷᠭᠡ ᠲᠠᠯ᠎ᠠ ᠪᠠᠷ ᠬᠤᠶᠠᠷ ᠭᠠᠵᠠᠷ ᠤᠨ ᠨᠠᠩ ᠥᠷᠭᠡᠨ ᠬᠡᠪᠴᠢᠶ᠎ᠡ᠂ ᠨᠠᠩ ᠭᠦᠨ ᠳᠠᠪᠬᠤᠷᠭ᠎ᠠ ᠶᠢᠨ ᠰᠣᠯᠢᠯᠴᠠᠭ᠎ᠠ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠭᠤᠯᠭ᠎ᠠ ᠪᠠ ᠰᠠᠨᠠᠯ ᠳᠤᠷᠠᠳᠪᠠ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠬᠤᠶᠠᠷ ᠭᠠᠵᠠᠷ ᠤᠨ ᠬᠠᠮᠵᠢᠯᠴᠠᠨ ᠰᠣᠯᠢᠯᠴᠠᠬᠤ ᠬᠦᠷᠢᠶ᠎ᠡ ᠪᠣᠯᠤᠨ ᠣᠷᠣᠨ ᠵᠠᠶ ᠶᠢ ᠲᠠᠰᠤᠷᠠᠯᠲᠠ ᠥᠬᠡᠶ ᠥᠷᠭᠡᠳᠬᠡᠵᠦ᠂ ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢᠶᠠᠨ ᠦᠨᠡᠨ ᠬᠦ ᠪᠠᠳᠠᠷᠠᠭᠤᠯᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠶ᠋ᠯᠡᠴᠢᠯᠡᠵᠦ᠂ ᠬᠤᠤᠰ ᠴᠢᠭᠯᠡᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶ ᠥᠷᠭᠡᠳᠬᠡᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠨᠠᠩ ᠨᠢᠭᠲᠠ ᠪᠣᠯᠭᠠᠬᠤ ᠪᠠᠷ ᠴᠢᠷᠮᠠᠶᠢᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠡᠯᠪᠡᠭ ᠪᠠᠶᠠᠯᠢᠭ ᠦᠷ᠎ᠡ ᠪᠦᠲᠦᠭᠡᠯ ᠭᠠᠷᠭᠠᠨ᠎ᠠ ᠭᠡᠵᠦ ᠢᠯᠡᠳᠬᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2