ᠴᠢ ᠲᠠᠢ ᠪᠠᠯᠭᠠᠰᠤᠨ ᠤ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ
ᠨᠡᠶᠢᠲᠡᠯᠡᠭᠰᠡᠨ ᠴᠠᠭ᠄
2024/9/3
    ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠴᠢ ᠲᠠᠢ ᠪᠠᠯᠭᠠᠰᠤ ᠳᠤᠮᠳᠠᠳᠤ ᠤᠯᠤᠰ ᠤᠨ ᠤᠬᠠᠭᠤᠯᠬᠤ ᠬᠡᠯᠲᠡᠰ ᠠᠴᠠ ︽︿ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ﹀ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠂ ︽ᠬᠠᠤᠯᠢ ᠶᠣᠰᠣᠭᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠵᠦ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠣᠯᠭᠠᠵᠤ᠂ 9 ᠰᠠᠷ᠎ᠠ ᠶᠢᠨ 3 ᠤ ᠡᠳᠦᠷ ᠪᠠᠯᠭᠠᠰᠤᠨ ᠤ ᠶᠡᠭᠡ ᠬᠤᠷᠠᠯ ᠤᠨ ᠬᠡᠷ ᠲᠤ ︽ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ︾ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠵᠤ ᠥᠷᠨᠢᠭᠦᠯᠪᠡ᠃    ᠲᠤᠰ ᠤᠳᠠᠭᠠᠨ ᠤ ᠠᠵᠢᠯᠯᠠᠭ᠎ᠠ ᠶᠢᠨ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠵᠠᠩ ᠺᠣᠮᠢᠰᠰᠠᠷ ᠢ ᠤᠷᠢᠵᠤ ᠣᠯᠠᠨ ᠳᠤ ᠠᠮᠢᠳᠤᠯᠢᠭ ᠬᠡᠷᠡᠭ ᠤᠨ ᠵᠢᠱᠢᠶ᠎ᠡ ᠪᠠ ᠨᠠᠷᠢᠨ ᠪᠣᠳᠠᠲᠠᠶ ᠲᠤᠭ᠎ᠠ ᠪᠠᠷᠢᠮᠲᠠ ᠪᠠᠷ ᠳᠠᠮᠵᠢᠭᠤᠯᠤᠨ᠂ ᠣᠯᠠᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠴᠢᠨᠠᠷ᠂ ᠮᠠᠨ ᠤ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠵᠢᠴᠢ ᠠᠷᠠᠳ ᠢᠷᠭᠡᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠬᠠᠷᠢᠭᠤᠴᠠᠯᠭ᠎ᠠ ᠪᠠ ᠡᠭᠦᠷᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠨ ᠥᠭᠴᠡᠶ᠃    ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠵᠠᠩ ᠺᠣᠮᠢᠰᠰᠠᠷ ᠪᠠᠰᠠ ᠲᠤᠬᠠᠢ ᠶᠢᠨ ᠲᠠᠯᠠᠪᠠᠢ ᠶᠢᠨ ᠦᠵᠡᠭᠴᠢᠳ ᠲᠠᠢ ᠰᠠᠨᠠᠯ ᠢᠶᠠᠨ ᠰᠣᠯᠢᠯᠴᠠᠵᠤ᠂ ᠤᠯᠠᠨ ᠤ ᠠᠩᠬᠠᠷᠴᠤ ᠪᠠᠶᠢᠭ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠰᠠᠭᠤᠳᠠᠯ ᠢ ᠬᠠᠷᠢᠭᠤᠯᠪᠠ᠃ ᠣᠯᠠᠨ ᠢᠶᠠᠷ ᠢᠶᠠᠨ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠤᠭᠰᠠᠨ ᠪᠥᠭᠡᠳ ᠥᠪᠡᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠠᠷᠢᠭᠤᠴᠠᠯᠭ᠎ᠠ ᠪᠠᠨ ᠨᠠᠩ ᠲᠣᠳᠣᠷᠬᠠᠶ ᠪᠣᠯᠭᠠᠪᠠ᠃    ᠲᠤᠰ ᠤᠳᠠᠭᠠᠨ ᠤ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠪᠦᠲᠦᠮᠵᠢᠲᠡᠢ ᠴᠢᠩᠭᠠᠳᠬᠠᠵᠤ᠂ ᠤᠯᠠᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠡᠢ᠃ ᠬᠤᠶᠢᠰᠢᠳᠠ ᠶᠢᠨ ᠠᠮᠢᠳᠤᠷᠠᠯ ᠳᠤᠮᠳᠠ᠂ ᠨᠡᠩ ᠤᠯᠠᠨ ᠬᠥᠮᠦᠰ ᠤᠯᠤᠰ ᠤᠨ ᠪᠠᠲᠤᠯᠠᠨ ᠬᠠᠮᠠᠭᠠᠯᠠᠯᠲᠠ ᠶᠢ ᠢᠳᠡᠪᠬᠢᠲᠡᠢ ᠬᠠᠯᠠᠮᠵᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠣᠷᠣᠯᠴᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠲᠡᠭᠡᠵᠦ ᠪᠠᠶᠢᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2