ᠡᠳᠦᠭᠡ ᠥᠪᠥᠷ ᠮᠣᠩᠭᠤᠯ ᠤᠨ ᠮᠧᠩ ᠼᠠᠢ ᠢᠳᠡᠭᠡᠨ ᠤ ᠬᠢᠵᠠᠭᠠᠷᠲᠤ ᠺᠣᠮᠫᠠᠨᠢ ᠶᠢᠨ ᠰᠤᠭᠤᠴᠢᠨ ᠪᠠᠶᠢᠴᠠᠭᠠᠬᠤ ᠳᠤ | ᠬᠢᠷᠢ ᠲᠡᠩᠴᠡᠭᠰᠡᠨ ᠥᠬᠡᠶ ᠢᠳᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠳᠣᠤᠷᠠᠬᠢ | ᠮᠡᠲᠦ ᠵᠠᠷᠯᠠᠶ᠎ᠠ᠄ | ᠨᠢᠭᠡ᠂ ᠰᠤᠭᠤᠯᠤᠨ ᠪᠠᠶᠢᠴᠠᠭᠠᠭᠰᠠᠨ ᠦᠨᠳᠦᠰᠦᠨ ᠪᠠᠶᠢᠳᠠᠯ | ᠵᠠᠭᠪᠤᠷ ᠤᠨ ᠨᠡᠷᠡᠶᠢᠳᠦᠯ᠄ ᠴᠡᠴᠡᠭᠲᠦ ᠨᠠᠪᠴᠢᠲᠤ ᠭᠠᠶᠢᠮᠦ︔ ᠲᠠᠸᠠᠷ ᠤᠨ ᠲᠡᠮᠳᠡᠭ᠄ ᠮᠧᠩ ᠰᠢᠶᠤᠤ ᠨᠣᠭᠤᠭ᠎ᠠ | ᠪᠠ ᠵᠢᠷᠤᠭ ᠳᠦᠷᠰᠦ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ 6 ᠰᠠᠷ᠎ᠠ ᠶᠢᠨ 3 ᠤ ᠡᠳᠦᠷ | ︔ ᠬᠡᠪ ᠪᠠᠷᠢᠮᠵᠢᠶ᠎ᠠ ᠬᠡᠯᠪᠡᠷᠢ ᠮᠠᠶ᠋ᠢᠭ᠄ 500 ᠭᠷᠠᠮ / ᠤᠭᠤᠲᠠ︔ ᠦᠯᠢᠭᠡᠷ ᠠᠪᠬᠤ ᠰᠠᠭᠤᠷᠢ ᠲᠤᠭ᠎ᠠ᠄ 10 | ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ GB2760 - 2014 | ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠨᠡᠮᠡᠯᠲᠡ ᠡᠳ᠋ ᠤᠨ | ᠬᠡᠷᠡᠭᠯᠡᠯᠲᠡ ᠶᠢᠨ ᠪᠠᠷᠢᠮᠵᠢᠶ᠎ᠠ︾︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠯᠠᠨᠵᠧᠦ ᠬᠤᠲᠠ ᠶᠢᠨ ᠢᠳᠡᠭᠡᠨ ᠪᠠ | ᠡᠮ ᠤᠨ ᠵᠦᠢᠯ ᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠤᠳᠤᠯᠭᠠᠨ ᠤ ᠬᠦᠷᠢᠶᠡᠯᠡᠩ᠃ | ᠬᠤᠶᠠᠷ᠂ ᠪᠠᠶᠢᠴᠠᠭᠠᠭᠰᠠᠨ ᠪᠠᠶᠢᠳᠠᠯ | ᠪᠠᠶᠢᠴᠠᠭᠠᠯᠲᠠ ᠪᠠᠷ ᠳᠠᠮᠵᠢᠨ᠂ ᠥᠪᠥᠷ ᠮᠣᠩᠭᠤᠯ ᠤᠨ ᠮᠧᠩ ᠼᠠᠢ ᠢᠳᠡᠭᠡᠨ ᠤ ᠬᠢᠵᠠᠭᠠᠷᠲᠤ ᠺᠣᠮᠫᠠᠨᠢ 2024 | ᠣᠨ ᠤ 6 ᠰᠠᠷ᠎ᠠ ᠶᠢᠨ 3 ᠤ ᠡᠳᠦᠷ ᠦᠢᠯᠡᠳᠪᠦᠷᠢᠯᠡᠭᠰᠡᠨ ᠬᠡᠮᠵᠢᠶ᠎ᠡ ᠨᠢ 5000 g / ᠤᠭᠤᠲᠠ ᠲᠠᠢ ᠴᠡᠴᠡᠭᠲᠦ | ᠨᠠᠪᠴᠢᠲᠤ ᠭᠠᠶᠢᠮᠤ ᠶᠢᠨ 20 ︵ᠰᠢᠷᠬᠡᠭ ᠤᠨ 20 ᠤᠭᠤᠲᠠ︶ ᠪᠠᠶᠢᠵᠤ᠂ 2024 ᠣᠨ ᠤ 6 ᠰᠠᠷ᠎ᠠ ᠶᠢᠨ 2 ᠤᠨ | ᠡᠳᠦᠷ ᠲᠣᠭᠲᠠᠭᠰᠠᠨ ᠬᠠᠭᠤᠳᠠᠰᠤ ᠶᠢᠨ ᠲᠡᠮᠳᠡᠭᠯᠡᠯ ᠤᠨ ᠪᠠᠷᠢᠮᠵᠢᠶ᠎ᠠ ᠨᠢ 5000 g / ᠤᠭᠤᠲᠠ ᠪᠣᠯᠬᠤ ᠴᠡᠴᠡᠭᠲᠦ | ᠨᠠᠪᠴᠢᠲᠤ ᠭᠠᠶᠢᠮᠤ ᠶᠢᠨ ᠨᠣᠭᠤᠭ᠎ᠠ ᠶᠢᠨ ᠪᠣᠷᠣᠯᠠᠭᠤᠯᠤᠯᠲᠠ ᠶᠢᠨ ᠦᠨ᠎ᠡ ᠨᠢ ᠨᠢᠭᠡ ᠰᠢᠷᠬᠡᠭ ᠪᠦᠷᠢ ᠳᠤ 30 | ᠲᠥᠭᠦᠷᠢᠭ ᠪᠠᠶᠢᠵᠤ᠂ ᠯᠠᠨᠵᠧᠦ ᠶᠢᠨ ᠳ᠋ᠦᠩ ᠳᠡᠳ᠋ ᠵᠠᠬ᠎ᠠ ᠳᠡᠯᠭᠡᠭᠦᠷ ᠤᠨ ᠬᠤᠸᠠᠢ ᠸᠧᠨ ᠬᠤᠯᠢᠰᠢᠨ ᠢᠳᠡᠭᠡᠨ ᠢ | ᠪᠥᠭᠡᠮ ᠢᠶᠠᠷ ᠬᠤᠳᠠᠯᠳᠤᠬᠤ ᠭᠠᠵᠠᠷ ᠲᠤ ᠪᠣᠷᠣᠯᠠᠭᠤᠯᠵᠤ᠂ 20 ᠵᠦᠢᠯ ᠤᠨ ᠪᠣᠷᠣᠯᠠᠭᠤᠯᠬᠤ ᠦᠨ᠎ᠡ ᠨᠢ 600.00 | ᠲᠥᠭᠦᠷᠢᠭ ᠪᠣᠯᠤᠨ᠎ᠠ᠃ | ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠨᠲᠡ ᠲᠤᠰ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ | ᠡᠭᠡᠭᠦᠯᠦᠨ ᠪᠤᠴᠠᠭᠠᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠡᠭᠡᠭᠦᠯᠦᠨ ᠠᠪᠴᠢᠷᠠᠬᠤ ᠠᠯᠪᠠᠨ ᠵᠠᠷ ᠨᠡᠶᠢᠲᠡᠯᠡᠵᠦ᠂ | ᠬᠢᠷᠢ ᠲᠡᠩᠴᠡᠬᠦ ᠦᠭᠡᠶ ᠦᠢᠯᠡᠳᠬᠦᠨ ᠢᠶᠠᠨ ᠡᠭᠡᠭᠦᠯᠦᠨ ᠠᠪᠴᠢᠷᠠᠬᠤ ᠬᠡᠷᠡᠭᠲᠡᠶ᠃ ᠣᠳᠣᠬᠠᠨ ᠳᠤ ᠲᠤᠰ ᠠᠵᠤ | ᠠᠬᠤᠶᠢᠯᠠᠯ ᠳᠡᠭᠡᠷᠡᠬᠢ ᠦᠢᠯᠡᠳ᠋ᠬᠦᠨ ᠢ ᠪᠤᠴᠠᠭᠠᠨ ᠠᠪᠴᠢᠷᠠᠭᠰᠠᠨ ᠦᠭᠡᠢ᠃ | ᠥᠷᠭᠡᠨ ᠣᠯᠠᠨ ᠬᠡᠷᠡᠭᠯᠡᠭᠴᠢᠳ ᠬᠡᠷᠪᠡ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠣᠯᠵᠤ ᠮᠡᠳᠡᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | 12315 ᠤᠲᠠᠰᠤ ᠶᠢ ᠤᠲᠠᠰᠤᠳᠠᠵᠤ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ |