ᠱᠠᠩᠳᠤ ᠰᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/9/30
   8 ᠰᠠᠷ᠎ᠠ ᠶᠢᠨ 29 ᠤ ᠡᠳᠦᠷ᠂ ᠱᠠᠩᠳᠤ ᠰᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠼᠦᠢ ᠴᠢᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠮᠠᠨ ᠤ ᠨᠠᠮ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠬᠤᠷᠠᠯ ᠪᠣᠯᠤᠨ᠎ᠠ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠢ ᠰᠤᠷᠤᠯᠴᠠᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠢ ᠱᠠᠭᠠᠷᠳᠠᠯᠭ᠎ᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠨᠠᠮ ᠤᠨ ᠠᠵᠢᠯ ᠢ ᠥᠷᠨᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃    ᠪᠣᠯᠪᠠᠰᠤᠷᠠᠯ ᠤᠨ ᠠᠩᠭᠢ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠯᠢᠦ ᠶᠢᠩ᠂ ᠳᠡᠳ᠋ ᠫᠷᠤᠹᠧᠰᠰᠤᠷ ᠰᠡᠴᠡᠨ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠯᠪᠠᠨ ᠬᠡᠷ ᠤᠨ ᠡᠷᠬᠢᠯᠡᠭᠴᠢ ᠵᠢᠶ ᠷᠦᠢ ᠮᠢᠨ ᠨᠡᠷ ᠢ ᠤᠷᠢᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ 7 ᠲᠠᠯ᠎ᠠ ᠶᠢᠨ ᠲᠣᠭᠤᠷᠢᠨ ᠳᠤ ᠲᠠᠶᠢᠯᠤᠮᠵᠢ ᠬᠢᠯᠭᠡᠵᠡᠶ᠃    ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠠᠯᠠᠭᠠᠨ ᠤ ᠲᠡᠰ ᠤᠨ ᠤᠳᠤᠷᠢᠳᠬᠤ ᠺᠠᠳ᠋ᠷ ᠵᠡᠷᠭᠡ 400 ᠭᠠᠷᠤᠢ ᠬᠥᠮᠦᠨ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2