ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 8 ᠳ᠋ᠤᠭᠠᠷ ᠤᠳᠠᠭ᠎ᠠ ᠶᠢᠨ ᠬᠤᠷᠠᠯ ᠵᠢᠴᠢ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/6
   8 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 8 ᠳ᠋ᠤᠭᠠᠷ ᠤᠳᠠᠭ᠎ᠠ ᠶᠢᠨ ᠬᠤᠷᠠᠯ ᠵᠢᠴᠢ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠥᠷ ᠮᠣᠩᠭᠤᠯ ᠡᡁᠧᠪᠸᠢ ᠬᠤᠶᠠᠷ ᠮᠤᠵᠢ ᠣᠷᠣᠨ ᠤ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠮᠵᠢᠯᠴᠠᠭᠠᠨ ᠤ ᠲᠣᠭᠲᠠᠴᠠ ᠶᠢᠨ 2024 ᠣᠨ ᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠲᠥᠯᠥᠪᠵᠢᠭᠦᠯᠭᠡ ᠶᠢᠨ ᠲᠦᠷᠦᠯ ᠵᠦᠢᠯ ᠤᠨ ᠲᠤᠬᠢᠷᠠᠭᠤᠯᠤᠯᠳᠠ ᠶᠢ ᠴᠢᠩᠭ᠎ᠠ ᠵᠢᠷᠤᠮᠯᠠᠨ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠳᠠᠷᠢᠵᠤ ᠲᠡᠵᠢᠭᠡᠬᠦ ᠦᠢᠯᠡᠰ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠤᠨ᠂ ︽ᠤᠰᠤ ᠶᠢ ᠭᠠᠩ ᠬᠠᠭᠤᠷᠠᠶ ᠪᠣᠯᠭᠠᠬᠤ︾ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ 2025 ᠤᠨ ᠪᠣᠯᠬᠤ ᠳᠤ ᠬᠠᠮᠠᠭᠠᠯᠠᠬᠤ ᠪᠠ ᠰᠡᠷᠭᠦᠭᠡᠬᠦ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠭᠰᠡᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠡᠷᠲᠡᠬᠡᠨ ᠲᠥᠯᠥᠪᠵᠢᠭᠦᠯᠵᠦ᠂ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠡᠯ᠎ᠡ ᠵᠦᠶ᠋ᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2