ᠴᠢᠦ ᠵᠢᠶᠦ᠋ᠨ ᠵᠢᠶᠧ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/20
  ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠺᠠᠳ᠋ᠷ᠂ ᠨᠢᠭᠡᠳᠦᠭᠡᠷ ᠹᠷᠣᠨᠲ ᠤᠨ ᠪᠠᠭᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ᠂ ᠬᠦᠴᠢᠷᠳᠡᠯᠲᠡᠢ ᠠᠵᠢᠯᠳᠠᠨ ᠠᠵᠢᠯᠴᠢᠨ᠂ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠶᠢ ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃ ᠰᠢᠶᠠᠨ ᠤ ᠤᠳᠤᠷᠢᠳᠤᠯᠭ᠎ᠠ ᠶᠠᠩ ᠶᠦᠩ᠂ ᠰᠢᠤᠸᠠᠢ ᠮᠧᠶ ᠲᠣᠬᠤᠨᠢᠭᠤᠯᠬᠤ ᠳᠤ ᠣᠷᠣᠯᠴᠠᠪᠠ᠃    ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠠᠩ ᠬᠤᠩ᠂ ᠵᠠᠩ ᠵᠢᠶᠠᠨ ᠮᠢᠨ ᠤ ᠭᠡᠷ ᠲᠤ ᠬᠦᠷᠴᠦ᠂ ᠴᠢᠦ ᠵᠢᠶᠦ᠋ᠨ ᠵᠢᠶᠧ ᠠᠬᠠᠮᠠᠳ ᠺᠠᠳ᠋ᠷᠴᠤᠳ ᠲᠠᠢ ᠡᠪᠦᠳᠦᠭ ᠨᠤᠭᠤᠯᠤᠨ ᠶᠠᠷᠢᠯᠴᠠᠵᠤ᠂ ᠲᠡᠭᠦᠨ ᠤ ᠪᠡᠶ᠎ᠡ ᠮᠠᠬᠠᠪᠣᠳ᠂ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠠᠬᠠᠮᠠᠳ ᠺᠠᠳ᠋ᠷᠴᠤᠳ ᠤᠨ ᠱᠠᠩᠳᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠠᠬᠠᠮᠠᠳ ᠺᠠᠳ᠋ᠷᠴᠤᠳ ᠤᠨ ᠪᠡᠶ᠎ᠡ ᠪᠠᠨ ᠬᠢᠴᠢᠶᠡᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠱᠠᠩᠳᠤ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠦᠯᠡᠳᠡᠪᠦᠷᠢ ᠢᠯᠴᠢ ᠪᠠᠨ ᠪᠠᠳᠠᠷᠠᠭᠤᠯᠤᠨ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠱᠠᠩᠳᠤ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃    ᠨᠢᠭᠡᠳᠦᠭᠡᠷ ᠹᠷᠣᠨᠲ ᠤᠨ ᠪᠠᠭᠰᠢ ᠰᠢᠩ ᡁᠢ ᠶᠢᠨ ᠭᠡᠷ ᠲᠤ᠂ ᠴᠢᠦ ᠵᠢᠶᠦ᠋ᠨ ᠵᠢᠶᠧ ᠲᠡᠭᠦᠨ ᠤ ᠠᠮᠢᠳᠤᠷᠠᠯ ᠪᠣᠯᠤᠨ ᠠᠵᠢᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠨᠢᠭᠡᠳᠦᠭᠡᠷ ᠹᠷᠣᠨᠲ ᠤᠨ ᠪᠠᠭᠰᠢ ᠶᠢᠨ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠳᠡᠨ ᠤ ︽ᠱᠠᠩᠳᠠ ᠳᠤ ᠰᠤᠷᠤᠯᠴᠠᠬᠤ︾ ᠲᠦᠷᠦᠯ ᠲᠡᠮᠳᠡᠭ ᠢ ᠡᠭᠦᠳᠬᠦ ᠶᠢᠨ ᠲᠣᠭᠤᠷᠢᠨ ᠳᠤ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ᠂ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠥᠷᠨᠢᠩᠭᠦᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃    ᠬᠦᠴᠢᠷᠳᠡᠯᠲᠡᠶ ᠠᠵᠢᠯᠲᠠᠨ ᠠᠵᠢᠯᠴᠢᠨ ᠸᠠᠩ ᠵᠢᠶᠦ᠋ᠨ᠂ ᠠᠰᠠᠷᠠᠨ ᠬᠠᠷᠠᠭᠠᠯᠵᠠᠬᠤ ᠡᠲᠡᠭᠡᠳ ᠳ᠋ᠦᠩ ᠶᠢᠨ ᠬᠦᠶ ᠶᠢ ᠲᠣᠬᠤᠨᠢᠭᠤᠯᠬᠤ ᠳᠠᠭᠠᠨ᠂ ᠴᠢᠦ ᠵᠢᠶᠦ᠋ᠨ ᠵᠢᠶᠧ ᠬᠠᠮᠲᠤ ᠶᠠᠪᠤᠵᠤ ᠪᠠᠶᠢᠭ᠎ᠠ ᠬᠥᠮᠦᠰ ᠲᠤ ᠬᠦᠴᠢᠷᠳᠡᠯᠲᠡᠶ ᠣᠯᠠᠨ ᠲᠦᠮᠡᠨ ᠤ ᠰᠡᠳᠬᠢᠯ ᠤᠨ ᠦᠭᠡ ᠶᠢ ᠨᠠᠷᠢᠨ ᠬᠢᠨᠠᠮᠠᠭᠠᠶ ᠰᠣᠨᠣᠰᠴᠤ᠂ ᠲᠡᠳᠡᠨ ᠤ ᠵᠣᠪᠠᠭᠤᠷᠢ ᠵᠦᠳᠡᠭᠦᠷᠢ ᠶᠢ ᠦᠨᠡᠨ ᠰᠡᠳᠬᠢᠯ ᠠᠴᠠ ᠪᠠᠨ ᠬᠠᠯᠠᠮᠵᠢᠯᠠᠵᠤ᠂ ᠬᠦᠴᠢᠷᠳᠡᠯᠲᠡᠶ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠲᠡᠳᠡᠨ ᠢ ᠦᠨᠡᠨ ᠬᠦ ᠬᠠᠪᠰᠤᠷᠤᠨ ᠠᠮᠢᠳᠤᠷᠠᠯ ᠤᠨ ᠳᠤᠮᠳᠠᠬᠢ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠬᠦᠴᠢᠷᠳᠡᠯᠲᠡᠶ ᠣᠯᠠᠨ ᠲᠦᠮᠡᠨ ᠤ ᠬᠠᠯᠠᠭᠤᠨ ᠳᠤᠯᠠᠭᠠᠨ᠂ ᠪᠠᠶᠠᠷ ᠬᠥᠷ ᠲᠠᠢ᠂ ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠠᠬᠢᠪᠠ᠃    ᠴᠢᠦ ᠵᠢᠶᠦ᠋ᠨ ᠵᠢᠶᠧ ᠨᠠᠷ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠳᠤ ᠬᠦᠷᠴᠦ᠂ ᠭᠠᠯ ᠤᠨᠲᠠᠷᠠᠭᠠᠬᠤ ᠳᠠᠷᠤᠭ᠎ᠠ ᠪᠠᠶᠢᠯᠳᠤᠭᠴᠢᠳ ᠤᠨ ᠤᠯᠠᠨ ᠵᠢᠯ ᠤᠨ ᠲᠤᠷᠰᠢ ᠪᠦᠬᠦ ᠰᠢᠶᠠᠨ ᠤ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠪᠣᠯᠤᠨ ᠨᠡᠶᠢᠭᠡᠮ ᠤᠨ ᠲᠣᠭᠲᠠᠭᠤᠨ ᠢ ᠪᠠᠲᠤᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ ᠥᠷᠭᠡᠨ ᠤᠯᠠᠨ ᠭᠠᠯ ᠤᠨᠲᠠᠷᠠᠭᠠᠬᠤ ᠬᠥᠮᠦᠰ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠡᠯᠬᠡᠭᠯᠡᠨ ᠲᠡᠮᠡᠴᠡᠬᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠠᠮᠤᠷ ᠠᠮᠤᠭᠤᠯᠠᠩ ᠱᠠᠩᠳᠤ ᠶᠢᠨ ᠲᠥᠯᠥᠭᠡ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2