ᠴᠢᠦ ᠵᠢᠶᠦ᠋ᠨ ᠵᠢᠶᠧ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/1/20
  1 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠴᠢᠦ ᠵᠢᠶᠦ᠋ᠨ ᠵᠢᠶᠧ ᠮᠠᠨ ᠤ ᠰᠢᠶᠠᠨ ᠤ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃    ᠴᠢᠦ ᠵᠢᠶᠦ᠋ᠨ ᠵᠢᠶᠧ ᠤᠷᠢᠳ ᠬᠤᠵᠢᠳ ᠶᠧ ᠵᠤᠤ ᠲᠡᠮᠦᠷᠯᠢᠭ ᠬᠠᠶᠢᠯᠤᠭᠤᠯᠬᠤ ᠺᠣᠮᠫᠠᠨᠢ᠂ ᠰᠢᠶᠠᠩ ᠹᠦ᠋ ᠰᠢᠨ᠎ᠡ ᠡᠨᠧᠷᠭᠢ ᠶᠢᠨ ᠺᠣᠮᠫᠠᠨᠢ᠂ ᠢ ᠠᠨ ᠢᠯᠴᠢ ᠶᠢᠨ ᠬᠦᠴᠦᠨ ᠤ ᠺᠣᠮᠫᠠᠨᠢ᠂ ᠾᠧᠩ ᠺᠧ ᠰᠢᠨ᠎ᠡ ᠮᠠᠲ᠋ᠧᠷᠢᠶᠠᠯ ᠤᠨ ᠺᠣᠮᠫᠠᠨᠢ ᠂ ᠮᠢᠨ ᠢᠦᠢ ᠱᠦᠢᠨᠢ ᠶᠢᠨ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠦᠢᠯᠡᠳᠪᠦᠷᠢ ᠶᠢᠨ ᠲᠠᠰᠤᠭ ᠲᠤ ᠣᠷᠣᠵᠤ᠂ ᠦᠢᠯᠡᠳᠪᠦᠷᠢᠯᠡᠯ ᠢ ᠠᠰᠠᠭᠤᠵᠤ᠂ ᠲᠠᠨᠢᠯᠴᠠᠭᠤᠯᠭ᠎ᠠ ᠶᠢ ᠰᠣᠨᠣᠰᠴᠤ᠂ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ᠂ ᠦᠢᠯᠡᠳᠪᠦᠷᠢᠯᠡᠯ ᠤᠨ ᠴᠢᠳᠠᠪᠤᠷᠢ ᠶᠢᠨ ᠦᠢᠯᠡᠳᠬᠦᠨ ᠤ ᠦᠷᠳᠡᠭ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠴᠢᠦ ᠵᠢᠶᠦ᠋ᠨ ᠵᠢᠶᠧ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢ ᠤᠯᠠᠮ ᠴᠢᠨᠠᠭᠰᠢᠳᠠ ᠪᠤᠢ ᠪᠣᠯᠭᠠᠵᠤ᠂ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠠᠵᠢᠯᠯᠠᠵᠤ᠂ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠦᠢᠯᠡᠴᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠨᠡᠩ ᠲᠦᠷᠭᠡᠨ ᠨᠡᠩ ᠰᠠᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠬᠤᠰᠢᠭᠤᠷᠠᠯ ᠮᠡᠷᠭᠡᠵᠢᠯ ᠢ ᠴᠢᠩᠭ᠎ᠠ ᠠᠩᠬᠠᠷᠴᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠢᠩᠭ᠎ᠠ ᠳᠠᠭᠠᠵᠤ᠂ ᠰᠢᠨ᠎ᠡ ᠠᠵᠠ ᠲᠣᠬᠢᠶᠠᠯ ᠢ ᠠᠮᠵᠢᠵᠤ᠂ ᠰᠢᠨ᠎ᠡ ᠵᠠᠬ᠎ᠠ ᠳᠡᠯᠭᠡᠭᠦᠷ ᠢ ᠨᠡᠭᠡᠭᠡᠵᠦ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠡᠳᠦᠷ ᠲᠤᠳᠤᠮ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠲᠡ ᠠᠴᠠ ᠠᠳᠬᠤᠨ ᠪᠠᠭ᠎ᠠ ᠠᠴᠠ ᠨᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃    ᠵᠠᠩ ᠭᠤᠸᠠᠩ᠂ ᠶᠤᠸᠠᠨ ᠬᠠᠢ ᠬᠤᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2