1 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ | ᠳᠠᠷᠤᠭ᠎ᠠ ᠴᠢᠦ ᠵᠢᠶᠦ᠋ᠨ ᠵᠢᠶᠧ ᠲᠢᠶᠠᠨ ᠱᠦᠨ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢᠨ ᠺᠣᠮᠫᠠᠨᠢ᠂ | ᠾᠧᠩ ᠺᠧ ᠲᠧ ᠲᠤᠤ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠹᠦ᠋ ᠵᠢᠩ ᠲᠠᠩ | ᠲᠥᠮᠥᠰᠥ ᠶᠢᠨ ᠠᠵᠤ ᠦᠢᠯᠡᠰ ᠤᠨ ᠺᠣᠮᠫᠠᠨᠢ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠵᠦ᠂ ᠴᠠᠩ ᠱᠧᠩ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠤᠨ ᠰᠠᠨ ᠳ᠋ᠠ ᠴᠢᠩ ᠰᠢᠶᠠᠩ ᠳᠤ | ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ | ᠪᠣᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠠᠨ ᠳ᠋ᠠ ᠴᠢᠩ | ᠰᠢᠶᠠᠩ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | ᠴᠢᠦ ᠵᠢᠶᠦ᠋ᠨ ᠵᠢᠶᠧ ᠪᠠᠶᠢᠴᠠᠭᠠᠨ ᠰᠤᠳᠤᠯᠤᠯᠲᠠ ᠬᠢᠬᠦ ᠳᠡᠭᠡᠨ ᠬᠤᠯᠪᠣᠭᠳᠠᠯ ᠪᠦᠬᠦᠢ ᠠᠵᠤ ᠠᠬᠤᠶᠢᠯᠠᠯ ᠤᠨ | ᠱᠠᠩ ᠳᠤ ᠦᠨᠳᠦᠰᠦᠯᠡᠭᠰᠡᠨ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠤᠨ ᠬᠢᠨ | ᠰᠢᠨ᠎ᠡ ᠴᠠᠭ ᠦᠶ᠎ᠡ ᠰᠢᠨ᠎ᠡ ᠱᠠᠲᠤᠨ ᠤ ᠳᠣᠲᠣᠷᠠᠬᠢ ᠰᠢᠨ᠎ᠡ ᠦᠢᠯᠡᠳᠪᠦᠷᠢᠯᠡᠯ ᠤᠨ ᠱᠠᠭᠠᠷᠳᠠᠯᠭ᠎ᠠ ᠳᠤ ᠢᠳᠡᠪᠬᠢᠲᠡᠢ | ᠬᠠᠨᠳᠤᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ | ᠪᠣᠯᠭᠠᠬᠤ ᠶᠢ ᠪᠠᠷᠢᠮᠲᠠᠯᠠᠵᠤ᠂ ᠮᠡᠷᠭᠡᠵᠢᠯ ᠤᠨ ᠰᠤᠳᠤᠯᠤᠨ ᠨᠡᠭᠡᠭᠡᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ | ᠭᠤᠣᠯ ᠦᠢᠯᠡᠰ ᠢ ᠨᠠᠷᠢᠯᠢᠭ ᠬᠦᠴᠦᠷᠬᠡᠭᠵᠢᠭᠦᠯᠵᠦ᠂ ᠭᠤᠣᠯ ᠦᠢᠯᠡᠰ ᠢ ᠨᠠᠷᠢᠯᠢᠭ ᠬᠦᠴᠦᠷᠬᠡᠭᠵᠢᠭᠦᠯᠵᠦ᠂ ᠮᠠᠨ ᠤ | ᠰᠢᠶᠠᠨ ᠤ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠢ ᠥᠷᠭᠡᠳᠬᠡᠬᠦ᠂ ᠤᠯᠠᠨ ᠲᠦᠮᠡᠨ ᠤ | ᠠᠵᠢᠯ ᠣᠯᠭᠤᠯᠲᠠ ᠵᠡᠷᠭᠡ ᠲᠠᠯ᠎ᠠ ᠪᠠᠷ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃ ᠡᠭᠦᠨ ᠤ | ᠬᠠᠮᠲᠤ᠂ ᠴᠢᠦ ᠵᠢᠶᠦ᠋ᠨ ᠵᠢᠶᠧ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰ ᠭᠠᠵᠠᠷ ᠤᠨ ᠠᠵᠤ | ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠰᠠᠶᠢᠲᠤᠷ ᠪᠠᠶᠢᠭᠤᠯᠵᠤ᠂ ᠠᠵᠤ ᠦᠢᠯᠡᠰ ᠤᠨ | ᠬᠡᠯᠬᠢᠶ᠎ᠡ ᠶᠢᠨ ᠬᠠᠮᠵᠢᠯᠴᠠᠨ ᠢᠵᠢ ᠪᠦᠷᠢᠳᠦᠭᠦᠯᠬᠦ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠥᠭᠵᠢᠬᠦ ᠶᠢ ᠠᠬᠢᠭᠤᠯᠬᠤ ᠶᠢ ᠬᠦᠰᠡᠪᠡ᠃ | ᠴᠢᠦ ᠵᠢᠶᠦ᠋ᠨ ᠵᠢᠶᠧ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠰᠢᠶᠠᠩ ᠪᠠᠯᠭᠠᠰᠤ ᠪᠣᠯ ᠬᠥᠳᠡᠭᠡ ᠲᠣᠰᠬᠤᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ | ᠪᠣᠯᠤᠨ᠎ᠠ᠃ ᠡᠯ᠎ᠡ ᠰᠢᠶᠠᠩ ᠪᠠᠯᠭᠠᠰᠤ ᠡᠬᠢ ᠪᠠᠶᠠᠯᠢᠭ ᠲᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠤᠨ᠂ ᠬᠥᠭᠵᠢᠯᠲᠡ ᠶᠢᠨ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠵᠤ᠂ | ᠢᠯᠠᠩᠭᠤᠶ᠎ᠠ ᠬᠥᠳᠡᠭᠡ ᠠᠵᠤ ᠠᠬᠤᠢ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ | ᠶᠠᠪᠤᠴᠠ ᠳᠤ᠂ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠨᠠᠷᠢᠯᠢᠭ ᠬᠠᠮᠢᠶᠠᠷᠴᠤ᠂ ᠣᠳᠣᠨ ᠲᠣᠰᠬᠤᠨ ᠤ ᠵᠢᠱᠢᠶ᠎ᠡ | ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ | ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠴᠢᠩᠭᠠᠳᠬᠠᠵᠤ᠂ ᠨᠡᠩ ᠤᠯᠠᠨ ᠲᠠᠷᠢᠶᠠᠴᠢᠳ ᠢ ᠬᠦᠳᠦᠯᠦᠨ | ᠵᠢᠯᠣᠭᠤᠳᠴᠤ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠠᠵᠤ ᠦᠢᠯᠡᠰ ᠤᠨ ᠠᠭᠤᠰᠤᠯᠴᠠᠯ ᠳᠤ | ᠣᠷᠣᠯᠴᠠᠭᠤᠯᠵᠤ᠂ ᠤᠨᠴᠠᠯᠢᠬᠳᠤ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠢ ᠰᠠᠶᠢᠲᠤᠷ ᠬᠥᠭᠵᠢᠭᠦᠯᠵᠦ᠂ | ᠠᠵᠤ ᠦᠢᠯᠡᠰ ᠤᠨ ᠦᠷᠳᠡᠭ ᠨᠡᠮᠡᠭᠳᠡᠯ ᠤᠨ ᠠᠰᠢᠭ ᠣᠯᠵᠠᠪᠤᠷᠢ ᠶᠢ ᠨᠡᠩ ᠤᠯᠠᠨ ᠲᠣᠰᠬᠤᠨ ᠤ ᠠᠷᠠᠳ ᠲᠤ | ᠬᠦᠷᠲᠡᠭᠡᠵᠦ᠂ ᠱᠠᠩᠳᠤ ᠶᠢᠨ ᠦᠵᠡᠰᠬᠦᠯᠡᠩᠲᠦ ᠰᠠᠶᠢᠬᠠᠨ ᠦᠢᠯᠡᠰ ᠪᠤᠰᠬᠠᠵᠤ ᠠᠷᠠᠳ ᠢ ᠪᠠᠶᠠᠵᠢᠭᠤᠯᠬᠤ ᠨᠡᠷ᠎ᠡ ᠶᠢᠨ | ᠬᠠᠭᠤᠳᠠᠰᠤ ᠶᠢ ᠰᠠᠶᠢᠲᠤᠷ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠠᠩ ᠭᠤᠸᠠᠩ᠂ ᠶᠤᠸᠠᠨ ᠬᠠᠢ ᠬᠤᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |