ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/20
   1 ᠰᠠᠷ᠎ᠠ ᠶᠢᠨ 3 ᠤ ᠡᠳᠦᠷ᠂ ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠱᠸᠤ ᠢᠦᠢ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠯᠠᠨ ᠷᠦᠢ ᠰᠢᠨ᠂ ᠶᠧ ᠱᠢ ᠬᠠᠢ᠂ ᠼᠤᠤ ᠵᠢᠶᠦ᠋ᠨ ᠵᠢᠴᠢ ᠭᠡᠰᠢᠭᠦᠳ ᠬᠤᠷᠠᠯ ᠳᠤ ᠣᠷᠣᠯᠴᠠᠪᠠ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠠᠩ ᠭᠤᠸᠠᠩ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ ᠬᠡᠰᠡᠭ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠠᠵᠢᠯᠲᠠᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠱᠠᠩᠳᠤ ᠰᠢᠶᠠᠨ ᠤ 2025 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶ᠋ᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ︵ᠲᠥᠰᠦᠯ︶ ᠶᠢ ᠬᠢᠨᠠᠨ ᠵᠥᠪᠯᠡᠪᠡ︔ ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠬᠢᠨᠠᠨ ᠵᠥᠪᠯᠡᠪᠡ᠃    ᠬᠤᠷᠠᠯ ᠠᠴᠠ ᠠᠵᠢᠯᠲᠠᠨ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2