ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2025/1/20
  1 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠬᠢᠯᠡᠪᠡ᠃    ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 199 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 171 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 199 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 171 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    ᠲᠤᠰ ᠤᠳᠠᠭᠠᠨ ᠤ ᠬᠤᠷᠠᠯ ᠳᠤ ᠰᠤᠯᠠ ᠣᠷᠣᠯᠴᠠᠭᠰᠠᠳ᠄ ᠤᠯᠤᠰ ᠲᠦᠷᠦ ᠶᠢᠨ ᠵᠥᠪᠯᠡᠯᠭᠡᠨ ᠤ ᠱᠠᠩᠳᠤ ᠰᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠭᠰᠠᠨ ᠪᠦᠬᠦ ᠭᠡᠰᠢᠭᠦᠨ᠂ ᠬᠡᠰᠡᠭ ᠱᠠᠩᠳᠤ ᠰᠢᠶᠠᠨ ᠤ ᠪᠣᠳᠠᠲᠠᠢ ᠲᠤᠰᠢᠶᠠᠯᠳᠤ ᠵᠢᠩᠬᠢᠨᠢ ᠭᠠᠵᠠᠷ ᠤᠨ ᠲᠡᠰ ᠠᠴᠠ ᠳᠡᠭᠡᠭᠰᠢᠬᠢ ᠠᠵᠢᠯ ᠠᠴᠠ ᠪᠠᠨ ᠠᠮᠠᠷᠠᠭᠰᠠᠨ ᠠᠬᠠᠮᠠᠳ ᠤᠳᠤᠷᠢᠳᠤᠯᠭ᠎ᠠ ᠪᠠᠶᠢᠨ᠎ᠠ᠃    ᠥᠨᠥᠳᠦᠷ ᠤᠨ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ᠄ ᠶᠠᠩ ᠸᠧᠨ ᠬᠤᠢ᠂ ᠴᠢᠦ ᠵᠢᠶᠦ᠋ᠨ ᠵᠢᠶᠧ᠂ ᠭᠦᠸᠧ ᠱᠸᠤ ᠢᠦᠢ᠂ ᠱᠢ ᠼᠦᠢ ᠴᠢᠨ᠂ ᠭᠦᠸᠧ ᠢᠦᠢ ᠭᠤᠸᠠᠩ᠂ ᠯᠢ ᠶᠠ ᠳ᠋ᠦᠩ᠂ ᠮᠧᠩ ᠶᠦᠩ ᠴᠢᠩ᠂ ᠴᠧᠨ ᠶᠠ ᠮᠢᠩ᠂ ᠵᠠᠩ ᠰᠢᠶᠤᠤ ᠯᠢᠩ᠂ ᠯᠠᠨ ᠷᠦᠢ ᠰᠢᠨ᠂ ᠶᠧ ᠱᠢ ᠬᠠᠢ᠂ ᠼᠤᠤ ᠵᠢᠶᠦ᠋ᠨ᠂ ᠨᠢᠩ ᠬᠠᠢ᠂ ᠯᠢ ᠵᠧᠨ ᠶᠢᠩ᠂ ᠭᠦ᠋ ᠯᠸᠢ᠃    ᠶᠡᠭᠡ ᠬᠤᠷᠠᠯ ᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠱᠸᠤ ᠢᠦᠢ ᠡᠷᠬᠢᠯᠡᠪᠡ᠃    ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠠ᠃    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠦ᠂ ᠢᠯᠡᠳᠬᠡᠯ ᠢ 2024 ᠣᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ᠂ 2025 ᠣᠨ ᠤ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ ᠪᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠭᠤᠷᠪᠠᠨ ᠬᠡᠰᠡᠭ ᠬᠤᠪᠢᠶᠠᠪᠠ᠃    ᠢᠯᠡᠳᠭᠡᠯ ᠳᠤ᠂ ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠪᠠ᠃    ᠮᠡᠳᠡᠭᠦᠯᠦᠯᠲᠡ ᠨᠢ ᠰᠢᠨ᠎ᠡ ᠨᠢᠭᠡ ᠵᠢᠯ ᠤᠨ ᠠᠵᠢᠯ ᠳᠤ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠬᠢᠵᠦ᠂ ᠢᠯᠡᠳᠬᠡᠯ ᠳᠤ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠪᠠᠶᠢᠷᠢᠯᠠᠭᠤᠯᠬᠤ ᠵᠢᠯ ᠮᠥᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠰᠢᠶᠠᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠭᠤᠤᠯ ᠱᠤᠭᠤᠮ ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ︾ ᠶᠢ ᠨᠡᠭᠡᠭᠡᠵᠦ᠂ ᠨᠠᠮ ᠤᠨ ᠪᠠᠶᠢᠭᠤᠯᠤᠯᠲᠠ ᠪᠠᠷ ᠵᠢᠯᠣᠭᠤᠳᠣᠯᠭ᠎ᠠ ᠪᠣᠯᠭᠠᠵᠤ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠶ ᠬᠡᠷᠡᠭᠵᠢᠭᠦᠯᠵᠦ᠂ ︽ᠵᠢᠷᠭᠤᠭᠠᠨ ᠶᠡᠭᠡ ᠠᠵᠤ ᠦᠶ᠋ᠯᠡᠰ︾ ᠢ ᠦᠷᠭᠦᠯᠵᠢᠯᠡᠨ ᠬᠦᠴᠦᠷᠬᠡᠭᠵᠢᠭᠦᠯᠵᠦ᠂ ᠪᠥᠬᠦ ᠰᠢᠶᠠᠨ ᠤ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠢ ᠪᠥᠬᠦ ᠬᠤᠲᠠ ᠳᠤ ︽ᠡᠮᠦᠨ᠎ᠡ ᠡᠩᠨᠡᠭᠡᠨ ᠳᠤ ᠵᠢᠭᠰᠠᠬᠤ︾᠂ ᠥᠪᠡᠷᠲᠡᠭᠡᠨ ᠵᠠᠰᠠᠬᠤ ᠣᠷᠣᠨ ᠤ ︽ᠳᠡᠭᠡᠳᠦ ᠤᠷᠤᠰᠬᠠᠯ ᠤᠨ ᠬᠡᠮᠵᠢᠶ᠎ᠡ︾ ᠶᠢ ᠬᠦᠴᠦᠯᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠬᠦᠴᠦᠯᠡᠨ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃    ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 15% ᠣᠷᠴᠢᠮ ᠨᠡᠮᠡᠭᠳᠡᠭᠦᠯᠦᠨ᠂ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 11% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 10% ᠣᠷᠴᠢᠮ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 6% ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠯᠬᠤᠮ ᠠᠯᠬᠤᠮ ᠢᠶᠠᠷ ᠪᠡᠶᠡᠯᠡᠭᠦᠯᠦᠨ᠎ᠡ᠃    ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠬᠦᠴᠦ ᠪᠠᠨ ᠲᠥᠪᠯᠡᠷᠡᠭᠦᠯᠦᠨ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠄    ᠨᠢᠭᠡ ᠳᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃    ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠲᠦᠷᠢᠮ ᠢ ᠥᠷᠭᠡᠳᠬᠡᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠥᠮᠥᠰᠥ ᠶᠢ ᠨᠠᠷᠢᠯᠢᠭ ᠭᠦᠨᠵᠡᠭᠡᠶ ᠡᠳ᠋ᠰᠢᠭᠦᠯᠬᠦ ᠲᠥᠷᠥᠯ ᠵᠦᠶ᠋ᠯ ᠤᠨ ᠴᠢᠳᠠᠮᠵᠢ ᠶᠢ ᠥᠷᠭᠡᠳᠬᠡᠨ ᠲᠠᠰ ᠳᠡᠪᠰᠢᠭᠦᠯᠬᠦ ᠶᠢ ᠠᠬᠢᠭᠤᠯᠵᠤ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠪᠠ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠠᠯᠠᠰᠢᠨ ᠦᠬᠡᠷ᠂ ᠰᠢᠨ᠎ᠡ ᠰᠦ᠂ ᠡᠯᠳᠡᠪ ᠠᠮᠤ ᠡᠯᠳᠡᠪ ᠪᠤᠷᠴᠠᠭ ᠵᠡᠷᠭᠡ ᠠᠵᠤ ᠦᠶ᠋ᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠪᠣᠯᠤᠨ ᠪᠣᠬᠢᠷᠲᠤᠯ ᠦᠭᠡᠢ ᠲᠡᠮᠦᠷ ᠤᠨ ᠬᠠᠶᠢᠯᠤᠰᠢ ᠵᠡᠷᠭᠡ ᠲᠤᠯᠭᠠᠭᠤᠷᠢ ᠠᠵᠤ ᠦᠢᠯᠡᠰ ᠢᠶᠠᠷ ᠠᠴᠢᠶᠠᠯᠠᠪᠤᠷᠢ ᠪᠣᠯᠭᠠᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽ᠵᠢᠭᠤᠯᠴᠢᠯᠠᠯ︾ ᠤᠨ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠲᠡᠤᠬᠡ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠲᠦᠰᠢᠭ ᠪᠣᠯᠭᠠᠨ᠂ ᠲᠣᠰ ᠭᠠᠵᠠᠷ ᠣᠷᠣᠨ ᠤ ᠣᠨᠴᠠᠯᠢᠭ ᠲᠠᠢ ᠨᠠᠩ ᠣᠯᠠᠨ ᠤᠳᠬ᠎ᠠ ᠤᠷᠠᠯᠢᠭ ᠤᠨ ᠪᠦᠲᠦᠭᠡᠯ ᠢ ᠡᠭᠦᠳᠦᠨ ᠨᠡᠭᠡᠭᠡᠨ᠎ᠡ᠃    ᠬᠤᠶᠠᠷ ᠲᠤ᠂ ᠪᠦᠲᠦᠮᠵᠢᠲᠡᠢ ᠬᠡᠷᠡᠭᠴᠡᠭᠡ ᠶᠢ ᠭᠦᠨᠵᠡᠭᠡᠢ ᠠᠭᠤᠳᠠᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃    ᠪᠦᠲᠦᠮᠵᠢᠲᠡᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠥᠷᠭᠡᠳᠬᠡᠵᠦ᠂ 8 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ 21 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠨᠢᠭᠡ ᠪᠦᠯᠦᠭ ᠴᠢᠨᠠᠷ ᠰᠠᠶᠢᠲᠠᠢ᠂ ᠠᠯᠤᠰ ᠢᠷᠡᠭᠡᠳᠦᠢ ᠲᠠᠢ᠂ ᠨᠠᠶᠢᠳᠠᠪᠤᠷᠢᠵᠢᠭᠤᠯᠵᠤ ᠳᠡᠶᠢᠯᠬᠦ ᠲᠤᠮᠤ ᠲᠦᠷᠦᠯ ᠵᠦᠢᠯ ᠢ ᠮᠡᠳᠡᠭᠦᠯᠵᠦ᠂ ᠨᠢᠭᠡ ᠪᠦᠯᠦᠭ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠭᠰᠡᠨ᠂ ᠡᠬᠢ ᠪᠠᠶᠠᠯᠢᠭ ᠤᠨ ᠳᠠᠪᠠᠭᠤᠯᠢᠭ ᠲᠤ ᠨᠡᠶᠢᠴᠡᠭᠰᠡᠨ ᠬᠡᠯᠬᠢᠶ᠎ᠡ ᠶᠢᠨ ᠭᠤᠣᠯ ᠠᠵᠤ ᠠᠬᠤᠶᠢᠯᠠᠯ᠂ ᠬᠡᠯᠬᠢᠶ᠎ᠡ ᠶᠢᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠤ ᠳᠠᠷᠠᠭᠠᠬᠢ ᠠᠵᠢᠯ ᠢ ᠰᠠᠶᠢᠲᠤᠷ ᠬᠢᠵᠦ᠂ ᠬᠡᠷᠡᠭᠯᠡᠭᠡᠨ ᠤ ᠳᠠᠯᠳᠠ ᠬᠦᠴᠦᠨ ᠢ ᠬᠦᠴᠦᠯᠡᠨ ᠬᠥᠭᠵᠢᠭᠡᠵᠦ᠂ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠵᠠᠬ᠎ᠠ ᠳᠡᠯᠭᠡᠭᠦᠷ ᠢ ︽ᠠᠮᠢᠯᠠᠭᠤᠯᠵᠤ︾᠂ ᠬᠡᠷᠡᠭᠯᠡᠭᠡ ᠶᠢ ︽ᠬᠥᠭᠵᠢᠶᠡᠨᠲᠡᠢ ᠪᠣᠯᠭᠠᠨ᠎ᠠ᠃    ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠤᠪᠤᠶᠢᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃    ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠭᠦᠨᠴᠡ ᠶᠢᠨ ᠥᠷᠭᠡᠴᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃    ᠲᠦᠷᠪᠡ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠭᠡᠷᠡᠯᠳᠦᠬᠦᠯᠬᠦ ᠬᠡᠷᠡᠭᠲᠡᠢ᠃    ᠠᠮᠢ ᠠᠬᠤᠶ ᠶᠢ ᠰᠡᠷᠭᠦᠭᠡᠬᠦ ᠠᠵᠢᠯ ᠢ ᠥᠨᠳᠥᠷ ᠲᠦᠪᠰᠢᠨ ᠢᠶᠠᠷ ᠰᠠᠶᠢᠲᠤᠷ ᠠᠳᠬᠤᠵᠤ᠂ ︽ᠭᠤᠷᠪᠠᠨ ᠤᠮᠠᠷᠠᠲᠤ ︾ ᠶᠢᠨ ᠢᠨᠵᠧᠨᠧᠷᠢᠩ ᠤᠨ ᠲᠣᠭᠤᠷᠢᠨ ᠳᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠠᠭᠠᠨᠨᠠᠭᠤᠷ ᠤᠨ ᠰᠡᠭᠦᠯᠴᠢ ᠶᠢᠨ ᠤᠰᠤᠨ ᠤ ᠨᠤᠭᠤ ᠭᠠᠵᠠᠷ ᠢ ᠴᠡᠪᠡᠷᠰᠢᠭᠦᠯᠬᠦ ᠬᠢᠭᠡᠳ ᠠᠮᠢ ᠠᠬᠤᠶ ᠶᠢ ᠰᠡᠷᠭᠦᠭᠡᠬᠦ ᠢᠨᠵᠧᠨᠧᠷᠢᠩ᠂ ᠴᠢᠬᠤᠯᠠ ᠨᠤᠭᠤ ᠭᠠᠵᠠᠷ ᠢ ᠶᠡᠷᠦᠩᠬᠡᠶᠢᠯᠡᠨ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠡᠷᠡᠰ ᠰᠠᠶᠢᠲᠤᠷ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠦᠷᠢᠶᠡᠨ ᠤ ᠳᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠥᠨᠳᠥᠷ ᠦᠷ᠎ᠡ ᠠᠰᠢᠭ ᠢᠶᠠᠷ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠠᠵᠤ ᠠᠬᠤᠶ ᠶᠢᠨ ᠬᠥᠭᠵᠢᠯᠲᠡ ᠶᠢᠨ ︽ᠪᠣᠬᠢᠷᠲᠤᠯ ᠥᠬᠡᠶ ᠠᠭᠤᠯᠤᠭᠳᠠᠴᠠ︾ ᠶᠢ ᠳᠡᠭᠡᠭᠰᠢᠯᠡᠭᠦᠯᠦᠨ᠎ᠡ᠃    ᠲᠠᠪᠤ ᠳᠤ᠂ ᠬᠤᠳᠠ ᠬᠥᠳᠡᠭᠡ ᠶᠢᠨ ᠠᠭᠤᠰᠤᠯᠴᠠᠯ ᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠬᠢ ᠳᠡᠰ ᠢ ᠳᠡᠭᠡᠭᠰᠢᠯᠡᠭᠦᠯᠬᠦ ᠬᠡᠷᠡᠭᠲᠡᠢ᠃    ᠵᠢᠷᠭᠤᠭ᠎ᠠ ᠳᠤ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ᠃    ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠠᠵᠢᠯ ᠮᠡᠷᠭᠡᠵᠢᠯ ᠤᠨ ᠲᠦᠭᠡᠮᠡᠯᠵᠢᠯ ᠢ ᠭᠦᠨᠵᠡᠭᠡᠶᠢᠷᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠠᠷᠠᠳ ᠤᠨ ᠡᠷᠡᠭᠦᠯ ᠮᠡᠨᠳᠦ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ︾ ᠵᠡᠷᠭᠡ ᠭᠤᠷᠪᠠᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ︽ᠬᠤᠣᠰ ᠲᠥᠯᠥᠪᠵᠢᠭᠦᠯᠭᠡ︾ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠢᠨᠠᠷ ᠰᠠᠶᠢᠲᠠᠢ ᠰᠠᠶᠢᠲᠤᠷ ᠬᠡᠷᠡᠭᠵᠢᠭᠦᠯᠦᠨ᠎ᠡ᠃    ᠲᠤᠯᠤᠭ᠎ᠠ ᠳᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ    ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠡᠷᠴᠢᠮ ᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠨ᠎ᠠ᠃ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠵᠠᠬᠢᠳᠠᠯ ᠰᠤᠷᠪᠤᠯᠵᠢᠯᠠᠯ ᠤᠨ ᠬᠠᠤᠯᠢᠵᠢᠯ ᠤᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠵᠤ᠂ ᠭᠠᠮᠰᠢᠭ ᠢ ᠰᠡᠷᠭᠡᠶᠢᠯᠡᠨ ᠵᠠᠰᠠᠬᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃    ᠢᠯᠡᠳᠭᠡᠯ ᠳᠤ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠢᠮᠠᠭᠲᠠ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠤᠱᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠪᠠᠨ ᠢᠯᠡᠷᠡᠭᠦᠯᠬᠦ ᠬᠡᠷᠡᠭᠲᠡᠢ᠃ ᠠᠷᠠᠳ ᠤᠨ ᠲᠥᠯᠥᠭᠡ ᠵᠠᠰᠠᠭ ᠶᠠᠪᠤᠭᠤᠯᠬᠤ ᠶᠢ ᠢᠮᠠᠭᠲᠠ ᠲᠤᠤᠱᠯᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠬᠦᠴᠦᠯᠡᠨ ᠰᠢᠶ᠋ᠳᠪᠦᠷᠢᠯᠡᠬᠦ ᠬᠡᠷᠡᠭᠲᠡᠶ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠲᠤᠤᠱᠯᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠢᠮᠠᠭᠲᠠ ᠲᠤᠤᠱᠯᠠᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃    ᠮᠡᠳᠡᠭᠦᠯᠦᠯᠲᠡ ᠶᠢᠨ ᠡᠴᠦᠰ ᠲᠤ᠂ ᠲᠥᠯᠥᠭᠡᠯᠡᠭᠴᠢᠳ ᠡ︕ ᠬᠠᠭᠤᠷᠠᠢ ᠦᠰᠦᠭ ᠢ ᠲᠡᠷᠢᠭᠦᠨ ᠪᠠᠢᠷᠢᠨ ᠳᠤ ᠲᠠᠯᠪᠢᠵᠤ ᠱᠢᠨ᠎ᠡ ᠬᠠᠭᠤᠳᠠᠰᠤ ᠶᠢ ᠪᠢᠴᠢᠭ ᠯᠡᠶ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠤᠭ ᠰᠠᠨᠠᠭ᠎ᠠ ᠪᠠᠨ ᠰᠠᠬᠢᠵᠤ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠵᠠᠮ ᠨᠡᠭᠡᠭᠡᠨ ᠤᠷᠤᠭᠰᠢᠯᠠᠵᠤ᠂ ᠪᠦᠯᠬᠦᠮᠳᠡᠨ ᠨᠢᠭᠡᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠱᠠᠩᠳᠤ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕    ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠱᠸᠤ ᠢᠦᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃    ᠢᠯᠡᠳᠭᠡᠯ ᠳᠤ᠂ 2024 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠂ ᠮᠥᠨᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠰᠢᠶᠠᠨ ᠤ ᠨᠠᠮ ᠤᠨ ᠬᠤᠷᠢᠶ᠎ᠠ ᠶᠢᠨ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠪᠡ᠃ ᠪᠦᠬᠦ ᠵᠢᠯ ᠳᠤ ᠪᠠᠶᠢᠩᠭᠤ ᠶᠢᠨ ᠬᠤᠷᠢᠶ᠎ᠠ ᠶᠢ 8 ᠤᠳᠠᠭ᠎ᠠ ᠬᠤᠷᠠᠯᠳᠤᠭᠤᠯᠵᠤ᠂ ᠬᠠᠤᠯᠢ ᠶᠣᠰᠣᠭᠠᠷ 2 ᠵᠦᠢᠯ ᠤᠨ ᠲᠣᠭᠲᠠᠭᠠᠯ ᠭᠠᠷᠭᠠᠵᠤ᠂ 3 ᠵᠦᠢᠯ ᠤᠨ ᠬᠢᠨᠠᠨ ᠵᠥᠪᠯᠡᠭᠰᠡᠨ ᠰᠠᠨᠠᠯ ᠢ ᠬᠢᠨᠠᠨ ᠵᠥᠪᠯᠡᠵᠦ᠂ 15 ᠲᠤᠰᠬᠠᠢ ᠵᠦᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ 8 ᠤᠳᠠᠭ᠎ᠠ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 3 ᠤᠳᠠᠭ᠎ᠠ ᠥᠷᠨᠢᠭᠦᠯᠵᠦ᠂ 1 ᠤᠳᠠᠭ᠎ᠠ ᠠᠵᠢᠯ ᠤᠨ ᠦᠨᠡᠯᠡᠯᠲᠡ ᠶᠢ ᠥᠷᠨᠢᠭᠦᠯᠵᠦ᠂ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠪᠢ ᠨᠡᠮᠡᠷᠢ ᠦᠵᠡᠭᠦᠯᠪᠡ᠃    ᠢᠯᠡᠳᠬᠡᠯ ᠳᠤ᠂ 2025 ᠤᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠴᠦᠰ ᠤᠨ ᠵᠢᠯ ᠮᠥᠨ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ︽ᠵᠢᠷᠭᠤᠭᠠᠨ ᠶᠡᠭᠡ ᠠᠵᠤ ᠦᠢᠯᠡᠰ︾ ᠢ ᠬᠦᠴᠦᠷᠬᠡᠭᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠬᠤ ᠱᠠᠩᠳᠤ ᠶᠢᠨ ᠦᠢᠯᠡᠳᠦᠯᠭᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃    ᠮᠡᠳᠡᠭᠦᠯᠦᠯᠲᠡ ᠶᠢᠨ ᠡᠴᠦᠰ ᠲᠤ ᠵᠢᠭᠠᠵᠤ ᠭᠠᠷᠭᠠᠭᠰᠠᠨ ᠨᠢ᠂ ᠲᠥᠯᠥᠭᠡᠯᠡᠭᠴᠢᠳ ᠡ᠂ ᠲᠦᠮᠡᠨ ᠭᠠᠵᠠᠷ ᠤᠨ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠵᠤ᠂ ᠳᠠᠬᠢᠨ ᠮᠣᠷᠳᠠᠪᠠᠯ ᠳᠠᠬᠢᠨ ᠮᠣᠷᠳᠠᠨ᠎ᠠ᠃ ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠪᠣᠳᠠᠲᠠᠢ ᠳᠤ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠵᠤ᠂ ᠵᠣᠷᠢᠭᠲᠠᠢ ᠪᠠᠷ ᠤᠷᠤᠰᠬᠠᠯ ᠤᠨ ᠡᠮᠦᠨ᠎ᠡ ᠵᠣᠭᠰᠣᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠱᠠᠩ ᠳᠤ ᠪᠠᠶᠢᠭ᠎ᠠ ᠠᠮᠢᠳᠤᠯᠢᠭ ᠦᠢᠯᠡᠳᠦᠯᠭᠡ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠱᠠᠩᠳᠤ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ᠃    ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠸᠠᠩ ᠰᠢ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃    ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠠᠨ ᠬᠤᠢ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2