ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠳᠠᠩᠰᠠᠯᠠᠵᠤ ᠺᠠᠷᠳ᠋ᠯᠠᠭᠰᠠᠨ ᠭᠡᠷ ᠪᠦᠯᠢ ᠶᠢᠨ ᠦᠷ᠎ᠡ ᠬᠡᠦᠬᠡᠳ ᠲᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠣᠷᠤᠬᠤ ᠶᠢᠨ ᠡᠳ᠋ ᠮᠦᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠦᠢᠯᠡᠴᠢᠯᠡᠭᠡ
ᠨᠡᠶᠢᠲᠡᠯᠡᠭᠰᠡᠨ ᠴᠠᠭ᠄
2025/2/11
    ᠦᠢᠯᠡᠴᠢᠯᠡᠬᠦ ᠳ᠋ᠦᠢᠰᠢᠶᠠᠩ    ᠪᠠᠶᠢᠭᠠᠯᠢ ᠬᠦᠮᠦᠨ    ᠰᠢᠢᠳᠪᠦᠷᠢᠯᠡᠬᠦ ᠬᠡᠯᠪᠡᠷᠢ    ᠴᠣᠩᠬᠤᠪᠴᠢ ᠪᠠᠷ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ    ᠠᠰᠠᠭᠤᠨ ᠯᠠᠪᠯᠠᠬᠤ ᠤᠲᠠᠰᠤ    0474-6918436,0474-12345    ᠬᠢᠨᠠᠯᠲᠠ ᠲᠠᠯᠪᠢᠵᠤ ᠵᠠᠭᠠᠯᠳᠤᠭᠤᠯᠬᠤ ᠠᠷᠭ᠎ᠠ ᠮᠠᠶ᠋ᠢᠭ    0474-12345    ᠬᠡᠷᠡᠭᠵᠢᠭᠦᠯᠬᠦ ᠪᠡᠶᠡᠴᠢ ᠴᠣᠭᠴᠠ ᠪᠣᠯᠬᠤ ᠱᠠᠩᠳᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ    ᠭᠦᠢᠴᠡᠳᠭᠡᠬᠦ ᠭᠠᠵᠠᠷ ᠱᠠᠩᠳᠤ ᠰᠢᠶᠠᠨ ᠤ ᠴᠢ ᠲᠠᠢ ᠪᠠᠯᠭᠠᠰᠤᠨ ᠤ ᠵᠢᠦᠢ ᠶᠧ ᠵᠠᠮ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠢᠯᠡᠴᠢᠯᠡᠭᠡᠨ ᠤ ᠲᠥᠪ ᠤᠨ ᠠᠷᠠᠳ ᠲᠤ ᠳᠥᠭᠦᠮ ᠦᠵᠡᠭᠦᠯᠬᠦ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ 2 ᠳ᠋ᠤᠭᠠᠷ ᠨᠣᠮᠧᠷᠲᠤ ᠴᠣᠩᠬᠤ    ᠭᠦᠢᠴᠡᠳᠭᠡᠬᠦ ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 09᠄ 00-12᠄ 00 ᠦᠳᠡ ᠶᠢᠨ ᠬᠤᠶᠢᠨ᠎ᠠ 14᠄ 30-1800    ᠬᠦᠯᠢᠶᠡᠨ ᠠᠪᠴᠤ ᠰᠢᠢᠳᠪᠦᠷᠢᠯᠡᠬᠦ ᠨᠦᠬᠦᠴᠡᠯ    ︵1᠄ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ᠄ ᠵᠢᠯ ᠪᠦᠷᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠥᠴᠢᠷ ᠢᠶᠠᠷ ᠳᠡᠮᠵᠢᠨ ᠡᠩ ᠤᠨ ᠶᠡᠭᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠰᠢᠨ᠎ᠡ ᠰᠤᠷᠤᠭᠴᠢ ᠮᠥᠷᠲᠡᠭᠡᠨ ᠡᠯᠰᠡᠭᠳᠡᠭᠡᠳ ᠲᠣᠰ ᠵᠢᠯ ᠤᠨ 9 ᠰᠠᠷ᠎ᠠ ᠶᠢᠨ 1 ᠤ ᠡᠳᠦᠷ ᠪᠣᠯ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠦᠷ᠎ᠡ ᠬᠡᠤᠬᠡᠳ ᠂ ᠳᠡᠩᠰᠡᠯᠡᠨ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠦᠷ᠎ᠡ ᠬᠡᠤᠬᠡᠳ ᠪᠠ ᠥᠨᠥᠴᠢᠨ ᠬᠡᠦᠬᠡᠳ︔︶ ᠰᠤᠷᠤᠯᠴᠠᠵᠤ ᠪᠠᠶᠢᠭ᠎ᠠ ᠰᠤᠷᠤᠭᠴᠢᠳ᠄ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠥᠭᠡᠳ ᠰᠤᠷᠤᠯᠴᠠᠵᠤ ᠪᠠᠶᠢᠭ᠎ᠠ ᠬᠤᠭᠤᠴᠠᠭᠠᠨ ᠳᠤ 9 ᠳ᠋ᠦ᠋ᠭᠡᠷ ᠰᠠᠷ᠎ᠠ ᠶᠢᠨ 1 ᠤ ᠡᠳᠦᠷ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ᠂ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠲᠤᠰᠬᠠᠢ ᠮᠡᠷᠭᠡᠵᠢᠯ ᠤᠨ ᠰᠤᠷᠤᠭᠴᠢ ᠪᠣᠯᠣᠨ᠎ᠠ᠃    ᠪᠠᠶᠢᠷᠢᠯᠠᠭᠤᠯᠤᠭᠰᠠᠨ ᠦᠨᠳᠦᠰᠦ ᠪᠠᠷᠢᠮᠲᠠ    【 ᠬᠠᠤᠯᠢ ᠴᠠᠭᠠᠵᠠ ᠠᠴᠠ ᠭᠠᠳᠠᠨᠠᠬᠢ ᠪᠤᠰᠤᠳ ᠲᠣᠭᠲᠠᠭᠠᠯ᠄ ︽ᠡᠩ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢ ᠰᠤᠷᠭᠠᠭᠤᠯᠢ ᠳᠤ ᠣᠷᠤᠬᠤ ᠶᠢᠨ ᠡᠳ᠋ ᠮᠦᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ ᠤᠨ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2017︺ 116 ᠳ᠋ᠤᠭᠠᠷ ᠲᠣᠭᠠᠲᠤ︶ ᠬᠤᠶᠠᠷ᠂ ᠭᠤᠣᠯ ᠠᠭᠤᠯᠭ᠎ᠠ    ︽ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠦᠨ᠂ ᠵᠠᠷᠤᠳᠠᠯ ᠢ ᠵᠦᠢ ᠵᠣᠬᠢᠰᠲᠠᠶ ᠬᠤᠪᠢᠳᠠᠨ ᠡᠭᠦᠷᠭᠡᠯᠡᠵᠦ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠲᠣᠳᠣᠷᠬᠠᠶᠢᠯᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠡᠳ᠋ ᠮᠥᠩᠭᠦ ᠪᠠᠷ ᠲᠤᠰᠠᠯᠠᠬᠤ ᠶᠢ ᠨᠢᠭᠡ ᠤᠳᠠᠭ᠎ᠠ ᠳᠤ ᠣᠷᠣᠨ ᠪᠠᠶᠢᠷᠢ ᠳᠤᠨᠢ ᠬᠦᠷᠦᠭᠦᠯᠵᠦ᠂ ᠠᠷᠠᠳ ᠤᠨ ᠠᠮᠢᠳᠤᠷᠠᠯ ᠤᠨ ᠦᠢᠯᠡᠳᠦᠯ ᠢ ᠬᠠᠷᠠᠭᠤᠯᠬᠤ︾ ᠵᠠᠷᠴᠢᠮ ᠶᠣᠰᠣᠭᠠᠷ᠂ ᠡᠩ ᠤᠨ ᠳᠡᠭᠡᠳᠦ ᠰᠤᠷᠭᠠᠭᠤᠯᠢ ᠳᠤ ᠣᠷᠣᠬᠤ ᠮᠠᠨ ᠤ ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠢᠴᠢᠶᠡᠯ ᠢ ᠤᠷᠤᠭᠰᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    ︵ᠨᠢᠭᠡ︶ ᠬᠤᠳᠡ ᠬᠦᠳᠡᠭᠡ ᠶᠢᠨ ᠠᠮᠢᠳᠣᠷᠡᠯ ᠤᠨ ᠨᠠᠭᠠᠳᠦ ᠵᠠᠬ᠎ᠠ ᠶᠢᠨ ᠪᠠᠳᠣᠯᠠᠭ᠎ᠠ ᠶᠢᠨ ᠭᠡᠷ ᠪᠦᠯᠢ ᠶᠢᠨ ᠦᠷ᠎ᠠ ᠭᠡᠥᠭᠡᠳ ᠪᠠ ᠳᠡᠩᠰᠡᠯᠡᠵᠦ ᠺᠠᠷᠲ᠋ᠠᠯᠬᠠᠰᠠᠨ ᠶᠠᠳᠠᠭᠤ ᠬᠦᠴᠢᠷᠳᠡᠯᠳᠡᠢ ᠭᠡᠷ ᠪᠦᠯᠢ ᠶᠢᠨ ᠦᠷ᠎ᠠ ᠭᠡᠥᠭᠡᠳ ᠤᠨ ᠡᠩ ᠤᠨ ᠶᠡᠭᠡ ᠳᠡᠭᠡᠳᠦ ᠰᠣᠷᠭᠠᠭᠤᠯᠢ ᠳᠤ ᠣᠷᠣᠬᠤ ᠳᠤ ᠵᠤᠭᠤᠰ ᠢᠶᠠᠷ ᠲᠣᠰᠠᠯᠠᠬᠤ ᠳᠥᠷᠥ ᠶᠢᠨ ᠪᠤᠳᠣᠯᠭ᠎ᠠ᠃    ᠲᠣᠰᠠᠯᠠᠬᠤ ᠡᠳᠡᠭᠡᠳ᠄ ᠲᠣᠰ ᠵᠢᠯ ᠤᠨ ᠡᠩ ᠤᠨ ᠳᠡᠭᠡᠳᠦ ᠵᠡᠷᠭᠡ ᠶᠢᠨ ᠰᠣᠷᠭᠠᠭᠤᠯᠢ ᠳᠤ ᠡᠯᠰᠡᠭᠳᠡᠭᠰᠡᠨ᠂ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠷᠦᠬᠡ ᠠᠮᠠ ᠶᠢᠨ ᠳᠡᠩᠰᠡ ᠲᠠᠢ ᠪᠦᠭᠡᠳ ᠡᠯᠰᠡᠭᠳᠡᠬᠦ ᠦᠶᠡᠰ ᠬᠤᠳᠡ ᠬᠦᠳᠡᠭᠡ ᠶᠢᠨ ᠠᠮᠢᠳᠣᠷᠡᠯ ᠤᠨ ᠨᠠᠭᠠᠳᠣ ᠵᠠᠬ᠎ᠠ ᠶᠢᠨ ᠪᠠᠳᠣᠯᠠᠭ᠎ᠠ ᠶᠢᠨ ᠭᠡᠷ ᠪᠦᠯᠢ ᠶᠢᠨ ᠦᠷ᠎ᠠ ᠭᠡᠥᠭᠡᠳ ᠪᠠ ᠮᠠᠯᠵᠢᠬᠤ ᠳᠡᠷᠢᠶᠡᠯᠡᠬᠤ ᠣᠷᠣᠨ ᠤ ᠳᠡᠩᠰᠡᠯᠡᠵᠦ ᠺᠠᠷᠲ᠋ᠠᠯᠬᠠᠰᠠᠨ ᠶᠠᠳᠠᠭᠤ ᠬᠦᠴᠢᠷᠳᠡᠯᠳᠡᠢ ᠭᠡᠷ ᠪᠦᠯᠢ ᠶᠢᠨ ᠦᠷ᠎ᠠ ᠭᠡᠥᠭᠡᠳ᠃    ᠲᠣᠰᠠᠯᠠᠬᠤ ᠪᠠᠷᠢᠮᠵᠢᠶ᠎ᠠ᠄ ᠡᠩ ᠤᠨ ᠳᠡᠭᠡᠳᠦ ᠰᠣᠷᠭᠠᠭᠤᠯᠢ ᠶᠢᠨ ᠵᠢᠩᠬᠢᠨᠢ ᠠᠩᠬᠢ ᠶᠢᠨ ᠳᠥᠷᠦᠯ ᠳᠤ ᠡᠯᠰᠡᠭᠳᠡᠭᠰᠡᠨ ᠰᠢᠨ᠎ᠡ ᠰᠣᠷᠣᠠᠠᠴᠢᠳ ᠲᠤ ᠨᠢᠭᠡ ᠣᠳᠠᠭ᠎ᠠ ᠶᠢᠨ ᠴᠢᠨᠡᠷᠳᠡᠢ ᠪᠠᠷ 4 ᠳᠥᠮᠡᠨ ᠳᠥᠬᠦᠷᠢᠭ ᠲᠣᠰᠠᠯᠠᠨ᠎ᠠ︔ ᠡᠩ ᠤᠨ ᠳᠡᠭᠡᠳᠦ ᠰᠣᠷᠭᠠᠭᠤᠯᠢ ᠶᠢᠨ ᠲᠣᠰᠬᠠᠢ ᠮᠡᠷᠭᠡᠵᠢᠯ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠳᠡᠭᠡᠳᠦ ᠵᠡᠷᠭᠡ ᠶᠢᠨ ᠲᠣᠰᠬᠠᠢ ᠮᠡᠷᠭᠡᠵᠢᠯ ᠤᠨ ᠳᠥᠷᠦᠯ ᠳᠤ ᠡᠯᠰᠡᠭᠳᠡᠭᠰᠡᠨ ᠰᠢᠨ᠎ᠡ ᠰᠣᠷᠣᠠᠠᠴᠢᠳ ᠲᠤ ᠨᠢᠭᠡ ᠣᠳᠠᠭ᠎ᠠ ᠶᠢᠨ ᠴᠢᠨᠡᠷᠳᠡᠢ ᠪᠠᠷ 3 ᠳᠥᠮᠡᠨ ᠳᠥᠬᠦᠷᠢᠭ ᠲᠣᠰᠠᠯᠠᠨ᠎ᠠ᠃    ᠪᠡᠯᠡ ᠮᠥᠩᠭᠦ ᠶᠢᠨ ᠢᠷᠡᠯᠲᠡ᠄ ᠬᠡᠷᠡᠭᠰᠡᠬᠦ ᠪᠡᠯᠡ ᠮᠥᠩᠭᠦ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃    ︵ᠬᠤᠶᠠᠷ︶ ᠬᠤᠳᠡ ᠬᠦᠳᠡᠭᠡ ᠶᠢᠨ ᠭᠡᠷ ᠪᠦᠯᠢ ᠶᠢᠨ ᠠᠵᠦ ᠠᠬᠤᠢ ᠨᠢ ᠬᠦᠴᠢᠷᠳᠡᠯᠳᠡᠢ ᠡᠩ ᠤᠨ ᠶᠡᠭᠡ ᠳᠡᠭᠡᠳᠦ ᠰᠣᠷᠭᠠᠭᠤᠯᠢ ᠳᠤ ᠣᠷᠣᠬᠤ ᠳᠤ ᠵᠤᠭᠤᠰ ᠢᠶᠠᠷ ᠲᠣᠰᠠᠯᠠᠬᠤ ᠳᠥᠷᠥ ᠶᠢᠨ ᠪᠤᠳᠣᠯᠭ᠎ᠠ᠃    ᠬᠤᠳᠡ ᠬᠦᠳᠡᠭᠡ ᠶᠢᠨ ᠭᠡᠷ ᠪᠦᠯᠢ ᠶᠢᠨ ᠠᠵᠦ ᠠᠬᠤᠢ ᠨᠢ ᠬᠦᠴᠢᠷᠳᠡᠯᠳᠡᠢ ᠡᠩ ᠤᠨ ᠳᠡᠭᠡᠳᠦ ᠰᠣᠷᠭᠠᠭᠤᠯᠢ ᠳᠤ ᠰᠢᠯᠭᠠᠵᠤ ᠣᠷᠣᠠᠠᠰᠠᠨ ᠰᠢᠨ᠎ᠡ ᠰᠣᠷᠣᠠᠠᠴᠢᠳ ᠢ ᠲᠣᠰᠠᠯᠠᠬᠤ ᠪᠤᠳᠡᠳᠡᠢ ᠳᠥᠷᠥ ᠶᠢᠨ ᠪᠤᠳᠣᠯᠭ᠎ᠠ ᠶᠢ ᠪᠠᠶᠢᠭ᠎ᠠ ᠠᠶᠢᠮᠠᠭ ᠬᠤᠳᠡ ᠠᠴᠠ ᠦᠪᠡᠰᠣᠪᠠᠡ ᠲᠣᠠᠠᠳᠠᠭᠠᠵᠦ᠂ ᠭᠡᠷᠡᠭᠰᠡᠬᠦ ᠪᠡᠯᠡ ᠮᠦᠡᠭᠬᠦ ᠶᠢ ᠠᠶᠢᠮᠠᠭ ᠬᠤᠳᠡ᠂ ᠬᠤᠰᠢᠭᠤ ᠰᠢᠶᠡᠨ ︵ᠬᠤᠳᠡ᠂ ᠲᠤᠭᠤᠷᠢᠭ︶ ᠠᠴᠠ ᠡᠬᠦᠷᠭᠡᠯᠡᠬᠦ ᠶᠢᠨ ᠬᠠᠮᠳᠣ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠢᠩᠬᠢᠮ᠂ ᠰᠣᠷᠭᠠᠨ ᠬᠦᠮᠦᠵᠢᠯ ᠤᠨ ᠳᠢᠩᠬᠢᠮ ᠳᠤ ᠮᠡᠳᠡᠬᠦᠯᠥᠨ ᠳᠡᠩᠰᠡᠯᠡᠭᠤᠯᠥᠨ᠎ᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2