ᠱᠠᠩᠳᠤ ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2 ᠰᠠᠷ᠎ᠠ ᠶᠢᠨ 19 ᠤ | ᠡᠳᠦᠷ᠂ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠱᠢ ᠪᠠ ᠴᠢᠩ | ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ | ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠢᠶᠧ ᠵᠢᠶᠦ᠋ᠨ ᠴᠠᠭᠳᠠᠨ | ᠪᠠᠶᠢᠴᠠᠭᠠᠬᠤ ᠡᠭᠦᠷᠭᠡ ᠪᠠ ᠠᠵᠢᠯ ᠤᠨ ᠲᠤᠬᠢᠷᠠᠭᠤᠯᠤᠯᠳᠠ ᠶᠢ ᠮᠡᠳᠡᠭᠳᠡᠭᠰᠡᠨ ᠪᠥᠭᠡᠳ ᠤᠯᠤᠰ ᠲᠦᠷᠦ ᠶᠢᠨ ᠴᠠᠭᠳᠠᠨ | ᠪᠠᠶᠢᠴᠠᠭᠠᠯᠲᠠ ᠶᠢ ᠭᠦᠨᠵᠡᠭᠡᠶᠢᠷᠡᠭᠦᠯᠬᠦ᠂ ᠴᠠᠭᠳᠠᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠤᠬᠠᠢ ᠱᠠᠭᠠᠷᠳᠠᠯᠭ᠎ᠠ | ᠳᠤᠷᠠᠳᠴᠠᠢ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠭᠦᠸᠧ ᡁᠢ ᠶᠤᠸᠠᠨ ᠬᠤᠷᠠᠯ ᠢ ᠡᠷᠭᠢᠯᠡᠵᠦ᠂ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠢᠩ ᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠯᠢ ᠹᠸᠢ᠂ ᠵᠠᠢ ᠯᠢ ᠵᠦᠩ᠂ | ᠬᠤᠯᠪᠣᠭᠠᠴᠢᠨ ᠵᠢᠩ ᠴᠠᠩ ᠵᠢᠴᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠬᠦ ᠬᠥᠮᠦᠰ ᠬᠤᠷᠠᠯ ᠳᠤ | ᠣᠷᠣᠯᠴᠠᠪᠠ᠃ ᠪᠠᠯᠭᠠᠰᠤᠨ ᠤ ᠪᠦᠬᠦ ᠤᠳᠤᠷᠢᠳᠬᠤ ᠺᠠᠳ᠋ᠷ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ | ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠬᠢᠨᠠᠨ ᠪᠠᠶᠢᠴᠠᠭᠠᠬᠤ ᠠᠯᠪᠠᠨ ᠭᠡᠷ ᠤᠨ ᠪᠦᠬᠦ ᠬᠥᠮᠦᠰ ᠬᠤᠷᠠᠯ ᠳᠤ ᠣᠷᠣᠯᠴᠠᠪᠠ᠃ | ᠳᠠᠶᠢᠴᠢᠯᠠᠯᠲᠠ ᠶᠢᠨ ᠬᠤᠷᠠᠯ ᠳᠡᠭᠡᠷ᠎ᠡ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠢᠶᠧ ᠵᠢᠶᠦ᠋ᠨ | ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠲᠣᠭᠤᠷᠢᠨ ᠪᠠᠶᠢᠴᠠᠭᠠᠬᠤ ᠠᠵᠢᠯ ᠪᠣᠯ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠨᠢᠭᠡ ᠤᠳᠠᠭᠠᠨ ᠤ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠪᠣᠯᠤᠨ᠎ᠠ᠂ | ᠲᠣᠭᠤᠷᠢᠨ ᠪᠠᠶᠢᠴᠠᠭᠠᠬᠤ ᠳᠤᠭᠤᠶᠢᠯᠠᠩ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ | ᠬᠠᠷᠭᠤᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠂ ᠲᠣᠭᠤᠷᠢᠨ ᠪᠠᠶᠢᠴᠠᠭᠠᠭᠳᠠᠬᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢᠨ ᠬᠠᠷᠢᠭᠤᠴᠠᠯᠭ᠎ᠠ ᠪᠠ ︽ᠭᠤᠷᠪᠠ ᠶᠢ ᠲᠣᠭᠲᠠᠭᠠᠬᠤ︾ | ᠲᠣᠭᠲᠠᠭᠠᠯ ᠢ ᠠᠵᠢᠯ ᠤᠨ ᠪᠣᠳᠠᠲᠠᠶ ᠳᠤ ᠰᠠᠭᠤᠷᠢᠯᠠᠨ᠂ ︽ᠳᠥᠷᠪᠡᠨ ᠠᠩᠬᠠᠷᠤᠯ︾ ᠲᠠᠢ ᠨᠢᠭᠲᠠ ᠤᠶᠠᠯᠳᠤᠭᠤᠯᠤᠨ | ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠢ ᠥᠷᠨᠢᠭᠦᠯᠦᠨ᠎ᠡ᠃ | ᠰᠢᠶᠧ ᠵᠢᠶᠦ᠋ᠨ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠴᠠᠭᠳᠠᠨ ᠪᠠᠶᠢᠴᠠᠭᠠᠬᠤ ᠠᠵᠢᠯ ᠢ ᠰᠠᠶᠢᠲᠤᠷ | ᠬᠢᠬᠦ ᠳᠤ ᠨᠢᠭᠡ ᠳᠤ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ | ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠶ︔ | ᠬᠤᠶᠠᠷ ᠲᠤ᠂ ᠤᠯᠤᠰ ᠲᠥᠷᠥ ᠶᠢᠨ ᠴᠠᠭᠳᠠᠨ ᠪᠠᠶᠢᠴᠠᠭᠠᠬᠤ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ | ᠪᠠᠲᠤ ᠰᠠᠬᠢᠵᠤ᠂ ᠴᠠᠭᠳᠠᠨ ᠪᠠᠶᠢᠴᠠᠭᠠᠬᠤ ᠭᠤᠣᠯᠳᠠᠯᠭ᠎ᠠ ᠲᠠᠢ ᠡᠭᠦᠷᠭᠡ ᠶᠢ ᠪᠠᠲᠤ ᠡᠵᠡᠮᠳᠡᠬᠦ ᠬᠡᠷᠡᠭᠲᠡᠢ︔ ᠭᠤᠷᠪᠠ ᠳᠤ᠂ | ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠰᠢᠶᠠᠨ ᠤ | ᠨᠠᠮ ᠤᠨ ᠬᠤᠷᠢᠶ᠎ᠠ ᠠᠴᠠ ᠲᠤᠰᠢᠶᠠᠭᠰᠠᠨ ᠴᠠᠭᠳᠠᠨ ᠪᠠᠶᠢᠴᠠᠭᠠᠬᠤ ᠡᠭᠦᠷᠭᠡ ᠶᠢ ᠬᠠᠮᠲᠤ ᠪᠠᠷ ᠰᠠᠶᠢᠲᠤᠷ ᠪᠡᠶᠡᠯᠡᠭᠦᠯᠬᠦ | ᠬᠡᠷᠡᠭᠲᠡᠶ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠢᠩ ᠬᠠᠶ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠴᠠᠭᠳᠠᠨ | ᠪᠠᠶᠢᠴᠠᠭᠠᠬᠤ ᠠᠵᠢᠯ ᠪᠣᠯ ᠰᠢᠶᠠᠨ ᠤ ᠨᠠᠮ ᠤᠨ ᠬᠤᠷᠢᠶ᠎ᠠ ᠠᠴᠠ ᠮᠠᠨ ᠤ ᠪᠠᠯᠭᠠᠰᠤᠨ ᠤ ᠤᠳᠤᠷᠢᠳᠬᠤ ᠪᠠᠭ ᠪᠠ | ᠺᠠᠳ᠋ᠷ ᠤᠨ ᠡᠩᠨᠡᠭᠡ ᠶᠢ ᠨᠢᠭᠡ ᠤᠳᠠᠭ᠎ᠠ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠶᠠᠪᠤᠳᠠᠯ ᠮᠥᠨ᠂ ᠪᠢᠳᠡ | ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ | ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭ᠎ᠠ ᠪᠠᠷ ᠴᠠᠭᠳᠠᠨ ᠪᠠᠶᠢᠴᠠᠭᠠᠬᠤ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠬᠡᠷᠡᠭᠲᠡᠶ︔ ᠬᠤᠶᠠᠷ ᠲᠤ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠥᠪ | ᠭᠤᠤᠯᠴᠢ ᠣᠪᠣᠷ ᠢᠶᠠᠷ ᠴᠠᠭᠳᠠᠨ ᠪᠠᠶᠢᠴᠠᠭᠠᠬᠤ ᠠᠵᠢᠯ ᠳᠤ ᠬᠠᠮᠵᠢᠯᠴᠠᠬᠤ ᠬᠡᠷᠡᠭᠲᠡᠶ︔ ᠭᠤᠷᠪᠠ ᠳᠤ᠂ ᠳᠠᠷᠤᠤ | ᠬᠢᠴᠢᠶᠡᠩᠭᠦᠢ ᠪᠠᠷ ᠬᠢᠨᠠᠯᠲᠠ ᠶᠢ ᠬᠦᠯᠢᠶᠡᠵᠦ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠴᠠᠭᠳᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ | ᠴᠠᠭᠳᠠᠨ ᠪᠠᠶᠢᠴᠠᠭᠠᠬᠤ ᠳᠤᠭᠤᠶᠢᠯᠠᠩ ᠤᠨ ᠡᠯ᠎ᠡ ᠵᠦᠢᠯ ᠤᠨ ᠱᠠᠭᠠᠷᠳᠠᠯᠭ᠎ᠠ ᠶᠢ ᠬᠢᠨᠠᠮᠠᠭᠠᠶ ᠰᠠᠶᠢᠲᠤᠷ | ᠨᠠᠶᠢᠳᠠᠪᠤᠷᠢᠵᠢᠭᠤᠯᠵᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠢᠳᠡᠪᠬᠢᠲᠡᠶ | ᠳᠡᠮᠵᠢᠨ ᠬᠠᠮᠵᠢᠯᠴᠠᠵᠤ᠂ ᠴᠠᠭᠳᠠᠨ ᠪᠠᠶᠢᠴᠠᠭᠠᠬᠤ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ | ᠃ | ᠬᠤᠷᠠᠯ ᠳᠡᠭᠡᠷ᠎ᠡ ᠬᠤᠶᠠᠷᠰᠠᠶᠢᠨ ᠲᠣᠰᠬᠤᠨ ᠤ ᠨᠠᠮ ᠤᠨ ᠡᠭᠦᠷ ᠤᠨ ᠱᠦᠵᠢ ᠯᠢᠦ ᠵᠦᠩ ᠪᠢᠩ᠂ ᠬᠤ᠋ ᠵᠢᠶᠠ | ᠲᠣᠰᠬᠤᠨ ᠤ ᠨᠠᠮ ᠤᠨ ᠡᠭᠦᠷ ᠤᠨ ᠱᠦᠵᠢ ᠬᠤ᠋ ᠪᠢᠩ᠂ ᠰᠠᠨ ᠾᠧ ᠲᠣᠰᠬᠤᠨ ᠤ ᠨᠠᠮ ᠤᠨ ᠡᠭᠦᠷ ᠤᠨ ᠱᠦᠵᠢ | ᠴᠢᠶᠣᠤ ᠸᠠᠨ ᠪᠢᠩ ᠲᠡᠰ ᠳᠠᠷᠠᠭᠠᠯᠠᠨ ᠣᠪᠣᠷ ᠢᠶᠠᠨ ᠢᠯᠡᠳᠬᠡᠬᠦ ᠦᠭᠡ ᠬᠡᠯᠡᠵᠦ᠂ ᠬᠢᠨᠠᠯᠲᠠ ᠶᠢ ᠦᠨᠡᠨᠴᠢ ᠪᠠᠷ | ᠬᠦᠯᠢᠶᠡᠵᠦ᠂ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠴᠠᠭᠳᠠᠨ ᠪᠠᠶᠢᠴᠠᠭᠠᠬᠤ | ᠳᠤᠭᠤᠶᠢᠯᠠᠩ ᠤᠨ ᠡᠯ᠎ᠡ ᠵᠦᠢᠯ ᠤᠨ ᠠᠵᠢᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠠᠮᠵᠢᠯᠴᠠᠬᠤ | ᠬᠡᠷᠡᠭᠲᠡᠢ᠃ | ᠬᠤᠷᠠᠯ ᠠᠴᠠ ᠪᠠᠰᠠ ᠱᠢ ᠪᠠ ᠴᠢᠩ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠲᠤ | ᠠᠷᠠᠳᠴᠢᠯᠠᠯ ᠢᠶᠠᠷ ᠰᠢᠯᠭᠠᠨ ᠦᠨᠡᠯᠡᠪᠡ᠃ | ᠴᠠᠭᠳᠠᠨ ᠪᠠᠶᠢᠴᠠᠭᠠᠬᠤ ᠬᠤᠭᠤᠴᠠᠭᠠᠨ ᠳᠤ ᠴᠠᠭᠳᠠᠨ ᠪᠠᠶᠢᠴᠠᠭᠠᠬᠤ ᠳᠤᠭᠤᠶᠢᠯᠠᠩ ᠢᠯᠡᠴᠢᠯᠡᠨ ᠮᠡᠳᠡᠭᠦᠯᠬᠦ | ᠤᠲᠠᠰᠤ ᠲᠣᠬᠢᠷᠠᠭᠤᠯᠪᠠ᠄ 18104 744034 | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |