ᠬᠤᠲᠠ᠂ ᠰᠢᠶᠠᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ | ᠴᠢ ᠲᠠᠢ ᠪᠠᠯᠭᠠᠰᠤ ᠪᠥᠬᠦ ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ | ᠲᠣᠪᠴᠢᠶ᠎ᠠ ᠶᠢᠨ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠣᠳᠣᠬᠠᠨ ᠤ | ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ | ᠪᠠᠯᠭᠠᠰᠤᠨ ᠳᠠᠷᠤᠭ᠎ᠠ ᠸᠠᠩ ᠹᠧᠩ ᠫᠢᠩ ᠬᠤᠷᠠᠯ ᠡᠷᠭᠢᠯᠡᠵᠦ᠂ ᠪᠠᠯᠭᠠᠰᠤᠨ ᠤ ᠳᠠᠷᠤᠭ᠎ᠠ ᠸᠠᠩ ᠹᠧᠩ ᠫᠢᠩ ᠬᠤᠷᠠᠯ | ᠡᠷᠭᠢᠯᠡᠵᠦ᠂ ᠪᠠᠯᠭᠠᠰᠤᠨ ᠤ ᠲᠣᠰᠬᠤᠨ ᠳᠠᠭᠠᠭᠠᠴᠢᠯᠠᠭᠰᠠᠨ ᠤᠳᠤᠷᠢᠳᠤᠯᠭ᠎ᠠ᠂ ᠺᠠᠳ᠋ᠷ᠂ ᠡᠯ᠎ᠡ ᠲᠣᠰᠬᠤᠨ᠂ ᠨᠡᠶᠢᠭᠡᠮ | ᠲᠣᠭᠤᠷᠢᠭ ᠤᠨ ᠨᠠᠮ ᠤᠨ ᠡᠭᠦᠷ ᠤᠨ ᠱᠦᠵᠢ ᠣᠷᠣᠯᠴᠠᠵᠠᠶ᠃ | ᠬᠤᠷᠠᠯ ᠠᠴᠠ ᠡᠩ ᠲᠡᠷᠢᠭᠦᠨ ᠳᠤ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠲᠠᠷᠢᠶᠠᠯᠠᠩ ᠬᠥᠳᠡᠭᠡ | ᠲᠣᠰᠬᠤᠨ ᠤ ᠲᠣᠪᠴᠢᠶ᠎ᠠ ᠶᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭᠠᠨ ᠤ ᠲᠣᠪᠴᠢᠶ᠎ᠠ ᠶᠢᠨ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢ ᠳᠠᠮᠵᠢᠭᠤᠯᠬᠤ ᠶᠢᠨ ᠬᠠᠮᠲᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠡᠭᠡᠳᠦ | ᠱᠠᠲᠤᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠬᠤᠪᠢᠳᠠᠨ ᠬᠠᠮᠢᠶᠠᠷᠴᠤ | ᠪᠠᠶᠢᠭ᠎ᠠ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠵᠤ᠂ ᠢᠯᠠᠩᠭᠤᠶ᠎ᠠ 2025 ᠣᠨ ᠤ ᠲᠠᠷᠢᠮᠠᠯ ᠤᠨ ᠦᠶ᠋ᠯᠡᠰ ᠤᠨ | ᠪᠦᠲᠦᠴᠡ ᠶᠢᠨ ᠲᠣᠬᠢᠷᠠᠭᠤᠯᠤᠯᠲᠠ᠂ ᠤᠰᠤᠯᠠᠯᠲᠠ ᠶᠢᠨ ᠭᠠᠵᠠᠷ ᠤᠨ ᠪᠦᠲᠦᠴᠡ ᠶᠢᠨ ᠴᠢᠨᠠᠷᠲᠠᠶ ᠪᠠᠭᠤᠷᠠᠯᠲᠠ᠂ | ᠤᠰᠤᠨ ᠤ ᠡᠷᠬᠡ ᠶᠢᠨ ᠬᠤᠪᠢᠶᠠᠷᠢᠯᠠᠯᠲᠠ᠂ ᠲᠠᠷᠢᠶᠠᠯᠠᠩ ᠤᠨ ᠤᠰᠤ ᠬᠡᠷᠡᠭᠯᠡᠬᠦ ᠤᠰᠤᠨ ᠤ ᠰᠦᠶ᠋ᠳᠬᠡᠯ ᠬᠤᠷᠢᠶᠠᠬᠤ᠂ | ᠤᠰᠤᠨ ᠤ ᠭᠠᠩ ᠬᠠᠭᠰᠠᠷᠠᠭᠠᠨ ᠳᠤ ᠡᠭᠡᠯᠵᠢᠯᠡᠨ ᠳᠠᠷᠢᠵᠤ᠂ ᠲᠣᠪᠴᠢᠶ᠎ᠠ ᠶᠢᠨ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠦᠶ᠋ᠯᠡᠳᠪᠦᠷᠢᠯᠡᠯ ᠢᠶᠠᠷ ᠨᠠᠷᠢᠨ ᠨᠢᠮᠪᠠᠶ ᠪᠠᠶᠢᠷᠢᠯᠠᠭᠤᠯᠤᠯᠲᠠ ᠬᠢᠵᠡᠶ᠂ ᠭᠤᠷᠪᠠ ᠳᠤ᠂ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ᠂ ᠦᠯᠡᠳᠡᠭᠳᠡᠯ | ᠪᠦᠷᠬᠦᠪᠴᠢ ᠶᠢ ᠬᠤᠷᠢᠶᠠᠨ ᠠᠪᠬᠤ ᠲᠣᠪᠴᠢᠶ᠎ᠠ ᠪᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠵᠡᠷᠭᠡ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠵᠡᠶ᠂ ᠳᠥᠷᠪᠡ ᠳᠤ ᠺᠠᠳ᠋ᠷ ᠤᠨ | ᠰᠠᠬᠢᠯᠭ᠎ᠠ ᠪᠠᠲᠤ ᠣᠪᠣᠷ ᠰᠤᠷᠲᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠢᠬᠤᠯᠠᠴᠢᠯᠠᠵᠤ᠂ ᠲᠡᠭᠦᠰ ᠲᠡᠭᠦᠯᠳᠡᠷ | ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠥᠬᠦ ᠪᠠᠯᠭᠠᠰᠤᠨ ᠤ ᠡᠯ᠎ᠡ ᠵᠦᠶ᠋ᠯ ᠤᠨ ᠠᠵᠢᠯ ᠳᠤ ᠣᠷᠣᠯᠴᠠᠵᠤ᠂ | ᠲᠦᠷᠢᠮ ᠲᠣᠭᠲᠠᠭᠠᠯ ᠪᠠ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ᠂ ᠪᠦᠬᠦ ᠪᠠᠯᠭᠠᠰᠤᠨ ᠤ ᠤᠳᠤᠷᠢᠳᠬᠤ ᠺᠠᠳ᠋ᠷ ᠲᠣᠭᠲᠠᠭᠰᠠᠨ ᠬᠠᠷᠠᠯᠲᠠ ᠡᠭᠦᠷᠭᠡ ᠪᠠᠨ ᠲᠣᠭᠲᠠᠭᠠᠵᠤ | ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ᠵᠡᠷᠭᠡᠪᠡᠷ ᠬᠦᠴᠦᠯᠡᠵᠦ᠂ | ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠦᠷ᠎ᠡ ᠪᠦᠲᠦᠮᠵᠢ ᠭᠠᠷᠭᠠᠵᠤ᠂ | ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠢ ᠰᠢᠨ᠎ᠡ | ᠳᠡᠭᠲᠡᠷ ᠲᠤ ᠭᠠᠷᠭᠠᠵᠤ᠂ ᠰᠠᠶᠢᠲᠤᠷ ᠡᠬᠢᠯᠡᠭᠦᠯᠦᠶ᠎ᠡ︕ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |