ᠶᠡᠭᠡ ᠬᠦᠷᠢᠶ᠎ᠡ ᠰᠢᠶᠠᠩ ᠴᠠᠭᠠᠨ ᠰᠠᠷ᠎ᠠ ᠠᠴᠠ ᠡᠮᠦᠨᠡᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/2/20
    ᠴᠠᠭᠠᠨ ᠰᠠᠷ᠎ᠠ ᠪᠣᠯᠬᠤ ᠭᠡᠵᠦ ᠪᠠᠶᠢᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠠᠵᠢᠯ ᠢ ᠦᠨᠡᠨ ᠬᠦ ᠰᠠᠶᠢᠲᠤᠷ ᠬᠢᠵᠦ᠂ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠵᠤ᠂ ᠪᠥᠬᠦ ᠰᠢᠶᠠᠩ ᠤᠨ ᠲᠣᠰᠬᠤᠨ ᠤ ᠠᠷᠠᠳ ᠤᠨ ᠪᠠᠶᠠᠷ ᠬᠥᠷ ᠲᠠᠢ᠂ ᠥᠯᠵᠡᠶ ᠪᠡᠯᠭᠡ ᠲᠠᠢ᠂ ᠠᠮᠤᠷ ᠠᠮᠤᠭᠤᠯᠠᠩ ᠴᠠᠭᠠᠨ ᠰᠠᠷ᠎ᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠶᠡᠭᠡ ᠬᠦᠷᠢᠶ᠎ᠡ ᠰᠢᠶᠠᠩ ᠤᠨ ᠠᠷᠠᠳ ᠤᠨ ᠵᠠᠰᠠᠭ ᠤᠨ ᠣᠷᠳᠣᠨ ᠢᠳᠡᠪᠬᠢᠲᠡᠶ ᠬᠥᠳᠡᠯᠦᠯᠴᠡᠵᠦ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃    2024 ᠣᠨ ᠤ 1 ᠰᠠᠷ᠎ᠠ ᠶᠢᠨ 6 ᠤ ᠡᠳᠦᠷ᠂ ᠶᠡᠭᠡ ᠬᠦᠷᠢᠶ᠎ᠡ ᠰᠢᠶᠠᠩ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠤᠰᠬᠠᠶ ᠵᠢᠭᠰᠠᠭᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠨᠠᠷᠢᠨ ᠨᠢᠮᠪᠠᠶ ᠵᠢᠭᠰᠠᠭᠠᠨ ᠪᠠᠶᠢᠴᠠᠭᠠᠬᠤ ᠲᠥᠰᠦᠯ ᠲᠣᠭᠲᠠᠭᠠᠵᠤ᠂ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠵᠢᠭᠰᠠᠭᠠᠨ ᠪᠠᠶᠢᠴᠠᠭᠠᠬᠤ ᠠᠭᠤᠯᠭ᠎ᠠ ᠳᠤ ᠴᠢᠭᠯᠡᠭᠦᠯᠦᠨ ᠠᠮᠤᠷ ᠲᠦᠪᠰᠢᠨ ᠤ ᠬᠡᠮ ᠰᠣᠭᠤᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠵᠢᠭᠰᠠᠭᠠᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠠᠭᠢᠬᠤ ᠶᠢ ᠦᠨᠡᠨ ᠬᠦ ᠪᠠᠲᠤᠯᠠᠪᠠ᠃    ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠠᠵᠢᠯ ᠨᠢ ᠭᠤᠤᠯᠳᠠᠭᠤ ᠠᠶᠤᠯ ᠥᠬᠡᠶ ᠦᠢᠯᠡᠳᠪᠦᠷᠢᠯᠡᠯ ᠬᠢᠭᠡᠳ ᠨᠡᠶᠢᠭᠡᠮ ᠤᠨ ᠵᠥᠷᠢᠴᠡᠯ ᠤᠨ ᠳᠠᠯᠳᠠ ᠬᠡᠮ ᠬᠤᠶᠠᠷ ᠬᠦᠷᠢᠶ᠎ᠡ ᠴᠠᠷᠠᠭ᠎ᠠ ᠳᠤ ᠲᠥᠪᠯᠡᠷᠡᠵᠦ᠂ ᠰᠢᠶᠠᠩ ᠤᠨ ᠨᠡᠶᠢᠭᠡᠮ ᠤᠨ ᠵᠠᠰᠠᠯᠲᠠ ᠶᠢᠨ ᠠᠯᠪᠠᠨ ᠬᠡᠷ ᠠᠴᠠ ᠲᠦᠷᠦᠭᠦᠯᠡᠨ ᠬᠠᠷᠢᠭᠤᠴᠠᠵᠤ᠂ ᠠᠶᠤᠯ ᠥᠬᠡᠶ ᠦᠢᠯᠡᠳᠪᠦᠷᠢᠯᠡᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠤᠯᠪᠣᠭᠠᠯᠠᠨ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ᠂ ᠦᠢᠯᠡᠳᠪᠦᠷᠢ᠂ ᠬᠡᠲᠦ ᠳᠡᠯᠭᠡᠭᠦᠷ᠂ ᠬᠤᠸᠠᠷ ᠫᠤᠤᠵᠢᠩ ᠤᠨ ᠡᠵᠡᠩᠨᠡᠯᠲᠡ ᠶᠢᠨ ᠴᠡᠭ᠂ ᠵᠣᠯ ᠵᠢᠷᠭᠠᠯ ᠤᠨ ᠬᠦᠷᠢᠶᠡᠯᠡᠩ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠶ᠃ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠨᠢ ᠪᠦᠷᠢᠨ ᠪᠦᠲᠦᠨ ᠪᠥᠭᠡᠳ ᠪᠦᠲᠦᠮᠵᠢᠲᠡᠶ ᠡᠰᠡᠬᠦ᠂ ᠲᠠᠷᠬᠠᠭᠠᠬᠤ ᠵᠠᠮ ᠨᠢ ᠰᠠᠭᠠᠳ ᠥᠬᠡᠶ ᠨᠡᠪᠲᠡᠷᠡᠬᠦ ᠡᠰᠡᠬᠦ᠂ ᠠᠶᠤᠯ ᠥᠬᠡᠶ ᠦᠢᠯᠡᠳᠪᠦᠷᠢᠯᠡᠯ ᠤᠨ ᠲᠦᠷᠢᠮ ᠨᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃    ᠨᠡᠶᠢᠭᠡᠮ ᠤᠨ ᠠᠮᠤᠷ ᠲᠦᠪᠰᠢᠨ ᠤ ᠬᠦᠷᠢᠶᠡᠨ ᠳᠠᠬᠢ ᠬᠠᠮᠲᠤᠷᠠᠭᠰᠠᠨ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠵᠤ᠂ ᠡᠯ᠎ᠡ ᠲᠣᠰᠬᠤᠨ ᠳᠤ ᠭᠦᠨᠵᠡᠭᠡᠶᠢᠷᠡᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠥᠷᠨᠢᠭᠦᠯᠵᠦ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠡᠷ ᠪᠦᠯᠢ ᠶᠢᠨ ᠵᠥᠷᠢᠴᠡᠯ᠂ ᠠᠵᠢᠯᠴᠢᠨ ᠬᠥᠷᠥᠩᠭᠡᠲᠡᠨ ᠤ ᠵᠢᠭᠤᠷᠠᠯᠳᠤᠭᠠᠨ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠠᠩᠬᠠᠷᠪᠠ᠃ ᠡᠭᠦᠨ ᠤ ᠬᠠᠮᠲᠤ ᠭᠤᠷᠪᠠ ᠶᠢ ᠠᠯᠳᠠᠵᠤ ᠨᠢᠭᠡ ᠶᠢ ᠬᠡᠯᠪᠠᠶᠢᠯᠭᠡᠬᠦ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠵᠡᠷᠭᠡ ᠠᠵᠢᠯ ᠢ ᠳᠠᠬᠢᠨ ᠡᠮᠬᠢᠯᠡᠵᠦ᠂ ᠳᠠᠬᠢᠨ ᠵᠢᠭᠰᠠᠭᠠᠨ ᠪᠠᠶᠢᠴᠠᠭᠠᠬᠤ ᠬᠡᠷᠡᠭᠲᠡᠶ᠃ ᠣᠯᠠᠨ ᠲᠦᠮᠡᠨ ᠢ ᠰᠤᠷᠪᠤᠯᠵᠢᠯᠠᠬᠤ᠂ ᠴᠤᠭᠯᠠᠭᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠤ ᠪᠠᠶᠢᠳᠠᠯ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠡᠷᠲᠡ ᠢᠯᠡᠷᠡᠭᠦᠯᠵᠦ᠂ ᠡᠷᠲᠡ ᠠᠷᠢᠯᠭᠠᠬᠤ ᠶᠢ ᠪᠡᠶᠡᠯᠡᠭᠦᠯᠦᠨ᠎ᠡ᠃    ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ᠂ ᠰᠢᠶᠠᠩ ᠲᠣᠰᠬᠤᠨ ᠤ ᠬᠤᠶᠠᠷ ᠱᠠᠲᠤᠨ ᠤ ᠺᠠᠳ᠋ᠷᠴᠤᠳ ᠪᠠᠰᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠶᠤᠯᠭᠦᠢ ᠦᠢᠯᠡᠳᠪᠦᠷᠢᠯᠡᠯ ᠪᠣᠯᠤᠨ ᠨᠡᠶᠢᠭᠡᠮ ᠤᠨ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠰᠢᠶᠠᠩ ᠤᠨ ᠬᠡᠪᠴᠢᠶᠡᠨ ᠳᠤ ᠠᠮᠤᠷ ᠲᠦᠪᠰᠢᠨ ᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃    ᠢᠷᠡᠭᠡᠳᠦᠶ ᠶᠢᠨ ᠠᠵᠢᠯ ᠤᠨ ᠳᠤᠮᠳᠠ᠂ ᠶᠡᠭᠡ ᠬᠦᠷᠢᠶ᠎ᠡ ᠰᠢᠶᠠᠩ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ ᠮᠥᠷᠳᠡᠵᠦ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠦᠷᠢᠯᠳᠦᠭᠦᠯᠦᠨ᠎ᠡ᠃ ᠠᠶᠤᠯᠭᠦᠶ ᠦᠶ᠋ᠯᠡᠳᠪᠦᠷᠢᠯᠡᠯ ᠪᠠ ᠨᠡᠶᠢᠭᠡᠮ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ᠃ ᠡᠭᠦᠨ ᠤ ᠬᠠᠮᠲᠤ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠵᠤ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠨ᠎ᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2