ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/20
    2 ᠰᠠᠷ᠎ᠠ ᠶᠢᠨ 18 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠮᠧᠩ ᠶᠦᠩ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠱᠢ ᠼᠦᠢ ᠴᠢᠨ ᠬᠤᠷᠠᠯ ᠡᠷᠭᠢᠯᠡᠪᠡ᠃    ᠬᠤᠷᠠᠯ ᠠᠴᠠ ᠶᠠᠩ ᠸᠧᠨ ᠾᠦᠢ ᠱᠦᠵᠢ ᠶᠢᠨ ᠳᠡᠭᠡᠷᠡᠬᠢ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃    ᠬᠤᠷᠠᠯ ᠠᠴᠠ᠂ ᠲᠣᠭᠤᠷᠢᠨ ᠪᠠᠶᠢᠴᠠᠭᠠᠬᠤ ᠪᠣᠯ ᠲᠣᠭᠤᠷᠢᠨ ᠪᠠᠶᠢᠴᠠᠭᠠᠬᠤ ᠶᠢ ᠦᠨᠳᠦᠰᠦᠨ ᠱᠠᠲᠤᠨ ᠳᠤ ᠦᠷᠭᠦᠯᠵᠢᠯᠡᠭᠦᠯᠬᠦ᠂ ᠨᠠᠮ ᠤᠨ ᠲᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠦᠷᠢᠮ ᠤᠨ ᠲᠤᠬᠢᠷᠠᠭᠤᠯᠤᠯᠳᠠ ᠮᠥᠨ᠃ ᠲᠣᠭᠤᠷᠢᠨ ᠪᠠᠶᠢᠴᠠᠭᠠᠯᠲᠠ ᠶᠢ ᠥᠷᠨᠢᠭᠦᠯᠬᠦ ᠪᠣᠯ ᠳᠠᠷᠤᠢ ︽ᠬᠤᠶᠠᠷ ᠢ ᠬᠠᠮᠠᠭᠠᠯᠠᠬᠤ︾ ᠶᠢ ᠦᠨᠳᠦᠰᠦᠨ ᠡᠭᠦᠷᠭᠡ ᠪᠣᠯᠭᠠᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠪᠦᠬᠦ ᠲᠠᠯ᠎ᠠ ᠶᠢᠨ ᠤᠯᠤᠰ ᠲᠦᠷᠦ ᠶᠢᠨ ᠪᠠᠶᠢᠴᠠᠭᠠᠯᠲᠠ ᠬᠢᠬᠦ ᠪᠠᠷ ᠳᠠᠮᠵᠢᠭᠤᠯᠤᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠡᠷᠡᠰ ᠪᠠᠲᠤ ᠪᠤᠰᠤ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠵᠠᠯᠠᠷᠠᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠰᠢᠶᠠᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠳᠠᠯᠢ ᠴᠢᠭᠯᠡᠯ ᠢᠶᠠᠷ ᠬᠦᠴᠦᠯᠡᠵᠦ᠂ ᠠᠳᠠᠯᠢ ᠰᠡᠳᠦᠪ ᠢᠶᠠᠷ ᠬᠠᠮᠲᠤ ᠪᠠᠷ ᠬᠠᠷᠢᠭᠤᠯᠵᠤ᠂ ᠡᠭᠦᠷᠭᠡᠯᠡᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠠᠭᠳᠠᠨ ᠪᠠᠶᠢᠴᠠᠭᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠴᠠᠭᠳᠠᠨ ᠪᠠᠶᠢᠴᠠᠭᠠᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠴᠢᠩᠭ᠎ᠠ ᠬᠦᠭ ᠠᠶᠠᠰ ᠢ ᠲᠣᠭᠤᠷᠢᠨ ᠪᠠᠶᠢᠴᠠᠭᠠᠬᠤ ᠠᠵᠢᠯ ᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠢᠯᠡᠷᠡᠭᠦᠯᠬᠦ ᠪᠠᠷ ᠲᠤᠰᠤᠯᠳᠠ ᠪᠣᠯᠭᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠠᠰᠠᠭᠤᠳᠠᠯ ᠢ ᠤᠨᠢᠨ ᠳᠡᠭᠡᠷ᠎ᠡ ᠨᠢ ᠢᠯᠡᠷᠡᠭᠦᠯᠵᠦ᠂ ᠮᠡᠳᠡᠭᠦᠯᠵᠦ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠪᠦᠬᠦ ᠰᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠲᠣᠰ ᠡᠭᠡᠯᠵᠢ ᠶᠢᠨ ᠴᠠᠭᠳᠠᠨ ᠪᠠᠶᠢᠴᠠᠭᠠᠯᠲᠠ ᠳᠤ ᠨᠡᠶᠢᠲᠡ 3 ᠴᠠᠭᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ︽ᠨᠢᠭᠡ ᠨᠠᠶᠢᠳᠠᠯᠭ᠎ᠠ︾ ᠶᠢᠨ ᠠᠷᠭ᠎ᠠ ᠮᠠᠶ᠋ᠢᠭ ᠢᠶᠠᠷ ᠬᠢᠨᠠᠯᠲᠠ ᠲᠠᠯᠪᠢᠵᠤ᠂ 50 ᠡᠳᠦᠷ ᠣᠷᠴᠢᠮ ᠤᠨ ᠴᠠᠭ ᠢ ᠠᠰᠢᠭᠯᠠᠨ᠂ 6 ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠥᠷᠨᠢᠭᠦᠯᠪᠡ᠃    ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠤᠨ ᠪᠦᠬᠦ ᠪᠦᠷᠢᠯᠳᠦᠬᠦᠨ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢᠨ ᠡᠯ᠎ᠡ ᠪᠦᠷᠢᠯᠳᠦᠬᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠢᠴᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2