ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/20
    2 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠡᠮᠦᠨ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠤᠯᠢ︾ ᠶᠢ ᠰᠤᠷᠤᠯᠴᠠᠪᠠ᠃ ᠬᠤᠷᠠᠯ ᠠᠴᠠ ︽ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ︵ᠬᠢᠨᠠᠨ ᠵᠥᠪᠯᠡᠬᠦ ᠨᠣᠤᠷᠠᠭ︶᠂ ︽2025 ᠣᠨ ᠤ ︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ︾ ︵ᠬᠢᠨᠠᠨ ᠵᠥᠪᠯᠡᠬᠦ ᠨᠣᠤᠷᠠᠭ︶᠂ ︽ᠱᠠᠩᠳᠤ ᠰᠢᠶᠠᠨ ᠤ ︿ᠳᠥᠷᠪᠡᠨ ᠨᠢᠭᠡ ᠪᠦᠯᠦᠭ﹀ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠬᠠᠪᠰᠤᠷᠤᠨ ᠲᠡᠳᠬᠦᠬᠦ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠵᠢᠭᠦᠯᠬᠦ ᠲᠥᠰᠦᠯ︾ ︵ᠬᠢᠨᠠᠨ ᠵᠥᠪᠯᠡᠬᠦ ᠨᠣᠤᠷᠠᠭ︶ ᠢ ᠬᠢᠨᠠᠨ ᠵᠥᠪᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠪᠠ ᠰᠢᠶᠠᠨ ᠤ ᠬᠡᠪᠴᠢᠶᠡᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢ ᠵᠣᠯᠭᠠᠭᠤᠯᠬᠤ ᠲᠦᠷᠦᠯ ᠵᠦᠢᠯ ᠤᠨ ᠲᠤᠬᠢᠷᠠᠭᠤᠯᠤᠯᠳᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠠᠲᠤᠯᠠᠬᠤ ᠬᠡᠷᠡᠭᠲᠡᠢ᠃ ᠡᠯ᠎ᠡ ᠨᠢᠭᠡᠴᠡ ᠶᠢᠨ ᠬᠢᠨ ᠠᠵᠢᠯ ᠤᠨ ᠠᠬᠢᠴᠠ ᠶᠢᠨ ᠪᠠᠶᠢᠳᠠᠯ ᠢ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠪᠠᠨ ᠴᠢᠩᠭᠠᠳᠬᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢ ᠵᠣᠯᠭᠠᠭᠤᠯᠬᠤ ᠲᠦᠷᠦᠯ ᠵᠦᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠱᠠᠩᠳᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2