ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/20
    2 ᠰᠠᠷ᠎ᠠ ᠶᠢᠨ 14 ᠤ ᠡᠳᠦᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠤᠨ ᠭᠤᠣᠯ ᠡᠭᠦᠷᠭᠡ ᠪᠣᠯ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠂ ᠬᠤᠲᠠ ᠶᠢᠨ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠪᠣᠯᠣᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 2025 ᠣᠨ ᠤ ᠮᠠᠨ ᠤ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ᠎ᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠠᠩ ᠭᠤᠸᠠᠩ ᠬᠤᠷᠠᠯ ᠡᠷᠭᠢᠯᠡᠪᠡ᠃    ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ ᠰᠢᠶᠠᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠵᠣᠬᠢᠬᠤ ᠦᠷ᠎ᠡ ᠪᠦᠲᠦᠮᠵᠢ ᠣᠯᠵᠠᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠦᠨᠡᠨ ᠬᠦ ᠴᠢᠩᠭᠠᠳᠬᠠᠪᠠ᠃ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠰᠡᠳᠭᠢᠯ ᠵᠢᠷᠦᠬᠡᠨ ᠳᠤ ᠬᠠᠳᠠᠩᠰᠢᠭᠤᠯᠤᠨ᠎ᠠ᠃ ︽ᠭᠤᠷᠪᠠᠨ ᠠᠷᠪᠢᠨ ᠭᠤᠷᠪᠠᠨ ᠴᠥᠭᠡᠨ︾ ᠪᠠᠶᠢᠬᠤ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ᠃ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠳᠤ ᠠᠩᠬᠠᠷᠤᠯ ᠢᠶᠠᠨ ᠲᠦᠪᠯᠡᠷᠡᠭᠦᠯᠤᠨ ᠰᠠᠬᠢᠯᠭ᠎ᠠ ᠪᠠᠳᠤ ᠬᠠᠤᠯᠢ ᠴᠠᠭᠠᠵᠠ ᠠᠴᠠ ᠵᠦᠷᠢᠴᠡᠭᠰᠡᠨ ᠨᠢᠭᠡ ᠪᠦᠯᠦᠭ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠤ᠂ ᠤᠯᠠᠨ ᠲᠦᠮᠡᠨ ᠤ ᠲᠡᠷᠭᠡᠳᠡᠬᠢ ᠲᠦᠪ ᠪᠤᠰᠤ ᠰᠤᠷᠳᠠᠯ ᠪᠤᠯᠤᠨ ︽ᠢᠯᠠᠭ᠎ᠠ ᠱᠠᠮᠰᠢᠭᠴᠢ ᠰᠢᠷᠭᠤᠯᠵᠢ ᠶᠢᠨ ᠢᠯᠠᠭᠳᠠᠬᠤ︾ ᠶᠢ ᠴᠡᠭᠴᠡᠯᠡᠨ ᠵᠠᠰᠠᠬᠤ ᠦᠷ᠎ᠠ ᠪᠦᠳᠤᠮᠵᠢ ᠢᠯᠡᠷᠭᠡᠢ ᠪᠤᠯᠪᠠ᠃    ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠣᠳᠠᠲᠠᠢ ᠠᠵᠢᠯ ᠪᠣᠯᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠨᠢᠭᠡᠳᠦᠭᠡᠷ ᠭᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠰᠠᠶᠢᠲᠤᠷ ᠭᠦᠢᠴᠡᠳᠬᠡᠵᠦ᠂ ᠪᠦᠬᠦ ᠲᠠᠯ᠎ᠠ ᠪᠠᠷ ᠬᠠᠮᠤᠷᠤᠭᠰᠠᠨ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠡᠯ᠎ᠡ ᠵᠦᠢᠯ ᠤᠨ ᠲᠣᠭᠲᠠᠭᠠᠯ ᠢ ᠪᠦᠬᠦ ᠲᠠᠯ᠎ᠠ ᠪᠠᠷ ᠣᠶᠢᠯᠠᠭᠠᠭᠤᠯᠵᠤ᠂ ᠣᠨᠣᠪᠴᠢᠲᠠᠢ ᠣᠶᠢᠯᠠᠭᠠᠭᠤᠯᠵᠤ᠂ ᠦᠨᠡᠨ ᠶᠣᠰᠣ ᠶᠢ ᠡᠵᠡᠮᠰᠢᠭᠦᠯᠵᠦ᠂ ᠤᠶᠤᠨ ᠲᠠᠷᠢᠬᠢᠨ ᠳᠤᠨᠢ ᠬᠠᠳᠠᠩᠰᠢᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠳᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭᠠᠨ ᠬᠤᠪᠢᠷᠠᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠪᠣᠯᠤᠨ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠯᠲᠠ ᠲᠠᠯᠪᠢᠬᠤ ᠪᠠ ᠬᠢᠵᠠᠭᠠᠷᠯᠠᠬᠤ ᠳᠤᠮᠳᠠ ᠠᠵᠢᠯᠯᠠᠵᠤ ᠠᠮᠢᠳᠤᠷᠠᠬᠤ ᠳᠤ ᠳᠠᠳᠴᠤ᠂ ᠰᠠᠬᠢᠯᠭ᠎ᠠ ᠪᠠᠲᠤ ᠶᠢ ᠬᠦᠨᠳᠦᠳᠬᠡᠬᠦ᠂ ᠰᠠᠬᠢᠯᠭ᠎ᠠ ᠪᠠᠲᠤ ᠶᠢ ᠪᠢᠰᠢᠷᠡᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠵᠢᠱᠢᠶᠡᠴᠢ ᠪᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠵᠤ᠂ ᠰᠢᠨ᠎ᠡ ᠲᠦᠷᠢ ᠲᠥᠷᠬᠦ ᠶᠢ ᠪᠤᠢ ᠪᠣᠯᠭᠠᠵᠤ᠂ ᠵᠠᠰᠠᠭ ᠤᠨ ᠣᠷᠳᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃    ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠪᠠ︔ ᠰᠢᠶᠠᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠶᠠᠨ ᠤ ᠰᠢᠭᠤᠳ ᠬᠠᠷᠢᠶ᠎ᠠ ᠬᠠᠮᠢᠶᠠᠷᠤᠯᠲᠠ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2