2 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠮᠠᠨ ᠤ | ᠰᠢᠶᠠᠨ ᠤ ᠪᠢᠯᠢᠭ ᠲᠦᠢᠯ ᠤᠨ ᠮᠠᠲ᠋ᠧᠷᠢᠶᠠᠯ ᠪᠣᠯᠤᠨ ᠪᠣᠬᠢᠷᠲᠤᠯ ᠦᠭᠡᠢ ᠲᠡᠮᠦᠷ ᠤᠨ ᠬᠠᠶᠢᠯᠤᠰᠢ ᠶᠢᠨ ᠠᠵᠤ ᠦᠢᠯᠡᠰ | ᠵᠡᠷᠭᠡ ᠬᠠᠮᠢᠶ᠎ᠠ ᠪᠦᠬᠦᠢ ᠠᠵᠤ ᠠᠬᠤᠶᠢᠯᠠᠯ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭ᠎ᠠ᠂ ᠴᠢᠬᠤᠯᠠ ᠶᠡᠭᠡ | ᠲᠦᠷᠦᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠪᠠ᠃ | ᠶᠠᠩ ᠸᠧᠨ ᠾᠦᠢ ᠤᠷᠢᠳ ᠬᠤᠵᠢᠳ ᠺᠠᠶᠢ ᠶᠢᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠾᠧᠩ ᠺᠧ | ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠶᠠᠩ ᠹᠦ᠋ ᠰᠢᠨ᠎ᠡ | ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ | ᠮᠠᠲ᠋ᠧᠷᠢᠶᠠᠯ ᠢ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠪᠣᠯᠤᠨ ᠶᠧ ᠵᠤᠤ ᠲᠡᠮᠦᠷᠯᠢᠭ | ᠬᠠᠶᠢᠯᠤᠭᠤᠯᠬᠤ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠡᠵᠡᠩᠨᠡᠯᠲᠡ᠂ ᠦᠢᠯᠡᠳᠬᠦᠨ ᠤ ᠦᠷᠳᠡᠭ | ᠦᠢᠯᠡᠳᠪᠦᠷᠢᠯᠡᠯ ᠤᠨ ᠴᠢᠳᠠᠪᠤᠷᠢ᠂ ᠴᠢᠬᠤᠯᠠ ᠶᠡᠭᠡ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠪᠠ ᠠᠶᠤᠯᠭᠦᠢ | ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠡᠨᠡ ᠵᠢᠯ ᠤᠨ ᠬᠥᠭᠵᠢᠯᠲᠡ ᠶᠢᠨ | ᠲᠥᠯᠥᠪᠯᠡᠭᠡ᠂ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠵᠡᠷᠭᠡ ᠶᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠠᠵᠤ | ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠬᠤ ᠶᠢᠨ ᠬᠠᠮᠲᠤ | ᠲᠤᠬᠠᠢ ᠶᠢᠨ ᠲᠠᠯᠠᠪᠠᠢ ᠳᠤ ᠠᠵᠢᠯᠯᠠᠵᠤ ᠠᠵᠤ ᠠᠬᠤᠶᠢᠯᠠᠯ ᠢ ᠬᠠᠪᠰᠤᠷᠤᠨ ᠣᠷᠣᠰᠢᠵᠤ ᠪᠠᠶᠢᠭ᠎ᠠ ᠬᠦᠴᠢᠷᠳᠡᠯ ᠪᠣᠯᠤᠨ | ᠠᠰᠠᠭᠤᠳᠠᠯ ᠢ ᠨᠢ ᠰᠢᠢᠳᠪᠦᠷᠢᠯᠡᠵᠦ ᠥᠭᠪᠡ᠃ | ᠶᠠᠩ ᠸᠧᠨ ᠾᠦᠢ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠮᠠᠨ ᠤ ᠰᠢᠶᠠᠨ ᠤ ᠪᠢᠯᠢᠭ ᠲᠦᠢᠯ ᠤᠨ | ᠮᠠᠲ᠋ᠧᠷᠢᠶᠠᠯ ᠵᠢᠴᠢ ᠪᠣᠬᠢᠷᠲᠤᠯ ᠦᠭᠡᠢ ᠲᠡᠮᠦᠷ ᠤᠨ ᠬᠠᠶᠢᠯᠤᠰᠢ ᠶᠢᠨ ᠠᠵᠤ ᠦᠢᠯᠡᠰ ᠵᠡᠷᠭᠡ ᠬᠤᠯᠪᠣᠭᠳᠠᠯ ᠪᠦᠬᠦᠢ | ᠦᠢᠯᠡᠳᠪᠦᠷᠢᠯᠡᠯ ᠤᠨ ᠠᠵᠤ ᠠᠬᠤᠶᠢᠯᠠᠯ ︽ᠡᠭᠦᠳᠡ ᠪᠠᠨ ᠬᠠᠭᠠᠬᠤ ᠦᠭᠡᠢ︾ ᠪᠠᠶᠢᠵᠤ᠂ ᠪᠦᠬᠦ ᠬᠦᠴᠦᠨ ᠢᠶᠠᠷ ᠢᠶᠠᠨ | ᠦᠢᠯᠡᠳᠪᠦᠷᠢᠯᠡᠯ ᠢᠶᠠᠨ ᠡᠬᠢᠯᠡᠭᠦᠯᠵᠦ᠂ ᠵᠠᠬᠢᠶᠠᠯᠠᠭ᠎ᠠ ᠪᠠᠨ ᠲᠦᠷᠭᠡᠳᠬᠡᠵᠦ᠂ ᠵᠠᠬ᠎ᠠ ᠳᠡᠯᠭᠡᠭᠦᠷ ᠢ ᠠᠮᠵᠢᠵᠤ᠂ | ᠪᠣᠷᠣᠯᠠᠭᠤᠯᠭ᠎ᠠ ᠶᠢᠨ ᠵᠠᠮ ᠢ ᠥᠷᠭᠡᠳᠬᠡᠵᠦ᠂ ᠰᠢᠨ᠎ᠡ ᠨᠢᠭᠡ ᠵᠢᠯ ᠤᠨ ᠬᠥᠭᠵᠢᠯᠲᠡ ᠳᠤ ᠰᠠᠶᠢᠨ ᠡᠬᠢᠯᠡᠯᠲᠡ ᠲᠠᠢ | ᠪᠣᠯᠵᠠᠢ ᠭᠡᠪᠡ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ | ᠲᠦᠷᠦᠯ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠵᠠᠳᠠᠯᠤᠨ ᠰᠤᠳᠤᠯᠵᠤ ᠮᠠᠭᠠᠳᠯᠠᠵᠤ᠂ ᠵᠠᠬ᠎ᠠ ᠳᠡᠯᠭᠡᠭᠦᠷ ᠤᠨ | ᠬᠤᠪᠢᠷᠠᠯᠲᠠ ᠳᠤ ᠢᠳᠡᠪᠬᠢᠲᠡᠢ ᠵᠣᠬᠢᠴᠠᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ | ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠳᠬᠦᠨ ᠢ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ ᠢ ᠥᠷᠭᠡᠳᠬᠡᠬᠦ ᠵᠡᠷᠭᠡ | ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ | ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠮᠠᠨ ᠤ ᠰᠢᠶᠠᠨ ᠤ ᠡᠯ᠎ᠡ ᠠᠵᠤ ᠠᠬᠤᠶᠢᠯᠠᠯ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ | ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠰᠠᠨᠠᠯ ᠰᠠᠨᠠᠭᠤᠯᠭ᠎ᠠ ᠶᠢ | ᠰᠣᠨᠣᠰᠴᠤ᠂ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠬᠤ᠂ ᠮᠥᠩᠭᠦᠨ ᠭᠦᠢᠯᠭᠡᠭᠡᠨ ᠤ ᠳᠡᠮᠵᠢᠯᠭᠡ ᠶᠢ | ᠴᠢᠩᠭᠠᠳᠬᠠᠬᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠠᠵᠢᠯᠯᠠᠵᠤ᠂ ᠡᠯᠧᠮᠧᠨ᠋ᠲ ᠤᠨ ᠪᠠᠲᠤᠯᠠᠭ᠎ᠠ ᠶᠢ | ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡᠨ ᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠠᠵᠤ ᠠᠬᠤᠶᠢᠯᠠᠯ ᠳᠤ ᠦᠢᠯᠡᠴᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠳᠤ ᠦᠨᠡᠨᠬᠦ ︽ᠳᠡᠯᠭᠡᠭᠦᠷ ᠤᠨ ᠦᠢᠯᠡᠴᠢᠯᠡᠭᠴᠢ︾ ᠪᠤᠯᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ᠂ ᠲᠦᠭᠵᠢᠷᠡᠯ ᠪᠣᠯᠤᠨ ᠡᠪᠡᠷᠰᠢᠶᠡᠯ ᠲᠠᠢ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠭᠦᠯᠬᠦ ᠶᠢ | ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠢᠨ ᠠᠶᠤᠯᠭᠦᠢ | ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠣᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠠᠮᠤᠷ | ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ | ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠡᠢ᠃ | ᠰᠢᠶᠠᠨ ᠤ ᠤᠳᠤᠷᠢᠳᠤᠯᠭ᠎ᠠ ᠴᠧᠨ ᠶᠠ ᠮᠢᠩ᠂ ᠵᠠᠩ ᠭᠤᠸᠠᠩ᠂ ᠯᠸᠢ ᠭᠦᠸᠧ ᠫᠢᠩ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |