ᠵᠠᠩ ᠶᠧ ᠢᠦᠢ
ᠨᠡᠶᠢᠲᠡᠯᠡᠭᠰᠡᠨ ᠴᠠᠭ᠄
2025/2/28
  ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠰᠢᠶᠠᠨ ᠤ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠮᠡᠷᠭᠡᠵᠢᠯ᠂ ᠤᠰᠤᠨ ᠠᠰᠢᠭᠯᠠᠯᠲᠠ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠷᠢᠯᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠬᠠᠷᠢᠯᠴᠠᠬᠤ ᠪᠠᠶᠢᠭᠤᠯᠭ᠎ᠠ ᠪᠠ ᠰᠢᠶᠠᠩ ᠪᠠᠯᠭᠠᠰᠤ᠄ ᠰᠢᠶᠤᠤ ᠬᠠᠢ ᠽᠢ ᠪᠠᠯᠭᠠᠰᠤ᠃    ᠲᠣᠪᠴᠢ ᠲᠠᠨᠢᠯᠴᠠᠭᠤᠯᠭ᠎ᠠ    ᠵᠠᠩ ᠶᠧ ᠢᠦᠢ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 9 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠱᠠᠩᠳᠤ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2