ᠼᠦᠢ ᡁᠢ ᠸᠧᠢ
ᠨᠡᠶᠢᠲᠡᠯᠡᠭᠰᠡᠨ ᠴᠠᠭ᠄
2025/3/1
  ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠰᠢᠶᠠᠨ ᠤ ᠳᠠᠷᠤᠭ᠎ᠠ ᠶᠢ ᠬᠠᠮᠵᠢᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠠᠶᠤᠯᠭᠦᠶ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠷᠢᠯᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠬᠠᠷᠢᠯᠴᠠᠬᠤ ᠪᠠᠶᠢᠭᠤᠯᠭ᠎ᠠ ᠪᠠ ᠰᠢᠶᠠᠩ ᠪᠠᠯᠭᠠᠰᠤ᠄ ᠳ᠋ᠠ ᠾᠧᠢ ᠱᠠ ᠲᠦ᠋ ᠪᠠᠯᠭᠠᠰᠤ᠃    ᠲᠣᠪᠴᠢ ᠲᠠᠨᠢᠯᠴᠠᠭᠤᠯᠭ᠎ᠠ    ᠼᠦᠢ ᡁᠢ ᠸᠧᠢ᠂ ᠡᠷᠡᠭᠲᠡᠢ᠂ ᠬᠢᠲᠠᠳ ᠦᠨᠳᠦᠰᠦᠲᠡᠨ᠂ 1978 ᠣᠨ ᠤ 6 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠱᠠᠩᠳᠤ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ᠂ ᠨᠢᠭᠡᠳᠦᠭᠡᠷ ᠳᠡᠰ ᠤᠨ ᠴᠠᠭᠳᠠᠭᠠᠨ ᠪᠠᠶᠢᠴᠠᠭᠠᠭᠴᠢ ᠲᠤᠰᠢᠶᠠᠯ ᠲᠠᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2