115 ᠳ᠋ᠤᠭᠠᠷ ︽3 · 8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠵᠦ᠂ | ᠥᠷᠭᠡᠨ ᠣᠯᠠᠨ ᠡᠮᠡᠭᠲᠡᠶᠢᠴᠦᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠡᠯ᠎ᠡ ᠠᠵᠢᠯ | ᠲᠥᠷᠥᠯ ᠤᠨ ᠰᠢᠯᠢᠳᠡᠭ ᠡᠮᠡᠭᠲᠡᠶᠢᠴᠦᠳ ᠤᠨ ᠡᠷᠡᠯᠬᠡᠭᠯᠡᠨ ᠲᠡᠮᠡᠴᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ | ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠬᠦ ᠶᠢᠨ ᠲᠥᠯᠥᠭᠡ᠂ 3 ᠰᠠᠷ᠎ᠠ ᠶᠢᠨ 7 ᠤ ᠡᠳᠦᠷ᠂ ᠱᠠᠩᠳᠤ | ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠨᠠᠮ ᠢᠶᠠᠨ ᠳᠠᠭᠠᠵᠤ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠬᠤ · ᠡᠮᠡᠭᠲᠡᠶᠢᠴᠦᠳ ᠤᠨ ᠭᠠᠪᠢᠶ᠎ᠠ ᠪᠠᠶᠢᠭᠤᠯᠬᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ | ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠼᠦᠢ ᠴᠢᠨ᠂ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠶ ᠭᠤᠸᠠᠩ ᠵᠡᠷᠭᠡ ᠰᠢᠶᠠᠨ ᠤ ᠤᠳᠤᠷᠢᠳᠤᠯᠭ᠎ᠠ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠠᠩ | ᠭᠤᠸᠠᠩ ᠪᠠᠶᠠᠷ ᠤᠨ ᠦᠭᠡ ᠳᠡᠭᠡᠨ ᠪᠦᠬᠦ ᠰᠢᠶᠠᠨ ᠤ ᠥᠷᠭᠡᠨ ᠣᠯᠠᠨ ᠡᠮᠡᠭᠲᠡᠶᠢᠴᠦᠳ ᠲᠤ ᠡᠷᠬᠢᠮ ᠳᠡᠭᠡᠳᠦ | ᠬᠦᠨᠳᠦᠳᠬᠡᠯ ᠪᠠ ᠪᠠᠶᠠᠷ ᠤᠨ ᠡᠳᠦᠷ ᠤᠨ ᠪᠠᠶᠠᠷ ᠬᠦᠷᠭᠡᠬᠦ ᠶᠢᠨ ᠬᠠᠮᠲᠤ ᠥᠷᠭᠡᠨ ᠣᠯᠠᠨ ᠡᠮᠡᠭᠲᠡᠶᠢᠴᠦᠳ ᠤᠨ ᠠᠬ᠎ᠠ | ᠳᠡᠭᠦᠦ ᠨᠡᠷ ᠦᠷᠭᠦᠯᠵᠢᠯᠡᠨ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ ᠬᠠᠯᠠᠭᠤᠨ ᠳᠤᠯᠠᠭᠠᠨ ᠪᠣᠯᠵᠤ᠂ | ᠠᠵᠤ ᠠᠬᠤᠢ ᠶᠢᠨ ᠬᠥᠭᠵᠢᠯᠲᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ︽ᠲᠦᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠬᠦ ᠤᠨᠤᠯ ᠤᠨ ᠡᠷᠡᠰ ᠪᠠᠲᠤ ᠰᠢᠲᠦᠭᠴᠢ ᠪᠠ | ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠵᠤ᠂ ᠰᠢᠨ᠎ᠡ ᠴᠠᠭ ᠦᠶ᠎ᠡ ᠶᠢᠨ ᠬᠥᠭᠵᠢᠯᠲᠡ ᠳᠤ | ᠡᠮᠡᠭᠲᠡᠶᠢᠴᠦᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠲᠡᠮᠡᠴᠡᠯ ᠤᠨ ᠳᠦᠷᠰᠦ ᠪᠠᠶᠢᠳᠠᠯ ᠢᠶᠠᠷ | ᠱᠠᠩᠳᠤ ᠶᠢᠨ ᠡᠮᠡᠭᠲᠡᠶᠢᠴᠦᠳ ᠤᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠬᠦ ᠶᠢ ᠬᠦᠰᠡᠪᠡ᠃ ᠠᠵᠢᠯᠯᠠᠭ᠎ᠠ ᠨᠢ | ᠡᠬᠢᠯᠡᠯᠲᠡ ᠶᠢᠨ ᠪᠥᠵᠢᠭ ︽ᠭᠡᠷᠡᠯ ᠭᠢᠯᠪᠠᠭ᠎ᠠ ᠪᠠᠨ ᠰᠠᠴᠤᠷᠠᠭᠤᠯᠤᠨ ᠢᠷᠡᠭᠡᠳᠦᠶ ᠵᠦᠭ ᠤᠷᠤᠭᠰᠢᠯᠠᠶ᠎ᠠ︾ ᠭᠡᠬᠦ | ᠪᠥᠵᠢᠭ ᠢᠶᠠᠷ ᠬᠥᠰᠢᠭᠡ ᠪᠠᠨ ᠰᠡᠬᠦᠵᠦ᠂ ᠪᠠᠶᠠᠷ ᠪᠠᠶᠠᠰᠬᠤᠯᠠᠩᠲᠤ ᠤᠷᠠᠨ ᠤᠩᠰᠢᠯᠭ᠎ᠠ᠂ ᠦᠵᠡᠭᠳᠡᠯᠲᠦ ᠵᠦᠴᠦᠭᠡ᠂ | ᠬᠤᠶᠠᠷ ᠬᠥᠮᠦᠨ ᠤ ᠲᠠᠶᠢᠰᠠ᠂ ᠳᠠᠭᠤᠤ ᠪᠥᠵᠢᠭ ᠤᠨ ᠦᠵᠡᠭᠦᠯᠦᠯᠭᠡ ᠵᠡᠷᠭᠡ 17 ᠨᠠᠷᠢᠨ ᠨᠢᠮᠪᠠᠶ ᠨᠠᠶᠢᠷᠠᠭᠤᠯᠤᠭᠰᠠᠨ | ᠲᠣᠭᠯᠠᠯᠲᠠ ᠨᠢ ᠲᠣᠭᠯᠠᠭᠴᠢᠳ ᠭᠤᠶᠢᠳᠠ ᠰᠠᠶᠢᠬᠠᠨ ᠬᠤᠪᠴᠠᠰᠤ ᠡᠮᠦᠰᠴᠦ᠂ ᠨᠢᠭᠡ ᠨᠢᠭᠡ ᠪᠠᠷ ᠢᠶᠠᠨ ᠴᠤᠭ | ᠵᠢᠪᠬᠤᠭ᠎ᠠ ᠲᠡᠭᠦᠯᠳᠡᠷ᠂ ᠣᠷᠭᠢᠯᠤᠮ᠎ᠠ ᠰᠡᠳᠬᠢᠯᠭᠡ ᠪᠢᠯᠬᠠᠵᠤ᠂ ᠲᠠᠪᠴᠠᠩ ᠳᠡᠭᠡᠷ᠎ᠡ ᠥᠪᠡᠷᠮᠢᠴᠡ ᠲᠠᠲᠠᠬᠤ ᠬᠦᠴᠦᠨ | ᠪᠠ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠢᠳᠡᠪᠬᠢᠲᠡᠶ | ᠪᠠᠶᠠᠰᠤᠩᠭᠤᠶ᠂ ᠡᠷᠡᠭᠦᠯ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠣᠷᠭᠢᠯᠤᠮ᠎ᠠ | ᠬᠠᠯᠠᠭᠤᠨ ᠰᠡᠳᠬᠢᠯᠭᠡ ᠲᠠᠢ ᠲᠣᠭᠯᠠᠯᠲᠠ ᠨᠢ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ | ᠲᠡᠰᠢᠯᠲᠡ ᠶᠢ ᠣᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |