ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ 4 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2025 ᠣᠨ ᠤ 3 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/11
  3 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2025 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠡᠮᠦᠨ᠎ᠡ ︽ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠣ᠋ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠲᠦᠷᠢᠮ︾ ᠢ ᠰᠤᠷᠤᠯᠴᠠᠪᠠ᠃ ᠬᠤᠷᠠᠯ ᠠᠴᠠ ᠪᠦᠬᠦ ᠰᠢᠶᠠᠨ ᠤ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠬᠡᠭᠰᠡᠨ ᠪᠠᠶᠢᠳᠠᠯ ᠢ ᠮᠡᠳᠡᠭᠳᠡᠵᠦ᠂ ᠪᠦᠬᠦ ᠰᠢᠶᠠᠨ ᠤ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠱᠠᠩᠳᠤ ᠰᠢᠶᠠᠨ ᠤ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠲᠥᠰᠦᠯ ︵ᠬᠢᠨᠠᠨ ᠵᠥᠪᠯᠡᠬᠦ ᠨᠤᠤᠷᠠᠭ︶︾᠂ ︽ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ 2025 ᠣᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠲᠥᠰᠦᠯ ︵ᠬᠢᠨᠠᠨ ᠵᠥᠪᠯᠡᠬᠦ ᠨᠤᠤᠷᠠᠭ︶︾ ᠢ ᠬᠢᠨᠠᠨ ᠵᠥᠪᠯᠡᠵᠦ᠂ 2025 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃    ᠬᠤᠷᠠᠯ ᠠᠴᠠ᠂ 12345 ᠬᠠᠯᠠᠮᠰᠢᠯ ᠤᠲᠠᠰᠤ ᠪᠣᠯ ᠵᠠᠰᠠᠭ ᠤᠨ ᠣᠷᠳᠣᠨ ᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠬᠦ ᠴᠢᠬᠤᠯᠠ ᠲᠠᠪᠴᠠᠩ ᠪᠣᠯᠬᠤ ᠶᠢ ᠭᠦᠢᠴᠡᠳ ᠲᠠᠨᠢᠵᠤ᠂ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠲᠠᠨᠢᠵᠤ᠂ ᠵᠣᠬᠢᠴᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠵᠦ᠂ ᠠᠰᠠᠭᠤᠳᠠᠯ ᠢ ᠬᠠᠮᠢᠶᠠᠷᠬᠤ ᠬᠥᠮᠦᠨ ᠲᠠᠢ᠂ ᠭᠦᠢᠴᠡᠳᠬᠡᠬᠦ ᠬᠥᠮᠦᠨ ᠲᠠᠢ᠂ ᠱᠠᠯᠠᠪᠳᠠᠭᠤᠯᠬᠤ ᠬᠥᠮᠦᠨ ᠲᠠᠢ ᠪᠠᠶᠢᠬᠤ ᠶᠢ ᠪᠠᠲᠤᠯᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ︽ᠭᠡᠮ ᠰᠣᠭᠤᠭ ᠢ ᠰᠡᠷᠭᠡᠶᠢᠯᠡᠵᠦ ᠪᠣᠯᠬᠤ ᠡᠵᠡᠮᠳᠡᠵᠦ ᠪᠣᠯᠬᠤ︾ ᠤᠬᠠᠮᠰᠠᠷ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠪᠦᠷᠬᠦᠴᠡ ᠶᠢ ᠪᠣᠳᠠᠲᠠᠶᠢᠵᠢᠭᠤᠯᠵᠤ᠂ ᠲᠦᠷᠢᠮ ᠢ ᠪᠣᠳᠠᠲᠠᠢ ᠬᠡᠷᠡᠭᠵᠢᠭᠦᠯᠵᠦ᠂ ᠭᠡᠮ ᠰᠣᠭᠤᠭ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠨ ᠨᠢᠮᠪᠠᠢ ᠲᠥᠯᠥᠪᠵᠢᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠪᠣᠯᠤᠨ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠴᠢᠳᠠᠪᠤᠷᠢ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠬᠥᠳᠡᠯᠭᠡᠬᠦ ᠬᠦᠴᠦᠨ ᠢᠶᠠᠨ ᠨᠡᠮᠡᠭᠳᠡᠭᠦᠯᠵᠦ᠂ ᠥᠷᠭᠡᠨ ᠤᠯᠠᠨ ᠠᠵᠤ ᠠᠬᠤᠶᠢᠯᠠᠯᠲᠠᠨ ᠢ ᠱᠠᠩ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠵᠦ᠂ ᠰᠡᠳᠬᠢᠯ ᠲᠠᠯᠪᠢᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠲᠠ ᠬᠠᠮᠵᠢᠯᠴᠠᠬᠤ ᠪᠠ ᠬᠠᠮᠵᠢᠯᠴᠠᠨ ᠴᠡᠭᠴᠡᠯᠡᠨ ᠵᠠᠰᠠᠬᠤ ᠲᠣᠭᠲᠠᠴᠠ ᠶᠢ ᠴᠢᠩᠭᠠᠷᠠᠭᠤᠯᠤᠨ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠠᠰᠠᠭᠤᠳᠠᠯ ᠢ ᠲᠤᠭᠤᠰᠢᠲᠠᠢ ᠰᠠᠶᠢᠵᠢᠷᠠᠭᠤᠯᠬᠤ᠂ ᠴᠡᠭᠴᠡᠯᠡᠨ ᠰᠠᠶᠢᠵᠢᠷᠠᠭᠤᠯᠬᠤ ᠳᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2