ᠴᠢᠦ ᠵᠢᠶᠦ᠋ᠨ ᠵᠢᠶᠧ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/12
   3 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠱᠠᠩᠳᠤ ᠰᠢᠶᠠᠨ ᠤ ᠳᠣᠯᠣᠳᠤᠭᠠᠷ ᠬᠡᠦᠬᠡᠳ ᠤᠨ ᠴᠡᠴᠡᠷᠯᠢᠭ᠂ ᠱᠢ ᠵᠢᠢ ᠪᠠᠭ᠎ᠠ ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠵᠠᠩ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠴᠢᠦ ᠵᠢᠶᠦ᠋ᠨ ᠵᠢᠶᠧ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠢ ᠬᠠᠳᠠᠭᠠᠯᠠᠬᠤ ᠲᠣᠭᠤᠷᠢᠭ᠂ ᠡᠳ᠋ᠰᠢᠭᠦᠯᠦᠨ ᠠᠵᠢᠯᠯᠠᠭᠤᠯᠬᠤ ᠲᠠᠰᠤᠭ᠂ ᠬᠤᠭᠤᠯᠠ ᠪᠡᠯᠡᠳᠬᠡᠬᠦ ᠲᠠᠰᠤᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠪᠠᠶᠢᠴᠠᠭᠠᠨ ᠦᠵᠡᠵᠦ᠂ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠬᠤ ᠠᠷᠭ᠎ᠠ ᠵᠠᠮ᠂ ᠢᠳᠡᠭᠡᠨ ᠪᠣᠯᠪᠠᠰᠤᠷᠠᠭᠤᠯᠬᠤ ᠶᠠᠪᠤᠴᠠ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ᠂ ᠴᠢᠦ ᠵᠢᠶᠦ᠋ᠨ ᠵᠢᠶᠧ ᠪᠠᠰᠠ ᠰᠤᠷᠤᠭᠴᠢᠳ ᠤᠨ ᠬᠤᠭᠤᠯᠠ ᠶᠢ ᠪᠡᠶᠡᠴᠢᠯᠡᠨ ᠣᠶᠢᠯᠠᠭᠠᠵᠤ᠂ ᠬᠤᠭᠤᠯᠠ ᠤᠮᠳᠠ ᠶᠢᠨ ᠦᠨᠦᠷ ᠠᠮᠲᠠ ᠪᠣᠯᠤᠨ ᠶᠠᠰᠤ ᠴᠢᠨᠠᠷ ᠢ ᠨᠠᠷᠢᠨ ᠣᠶᠢᠯᠠᠭᠠᠪᠠ᠃ ᠴᠢᠦ ᠵᠢᠶᠦ᠋ᠨ ᠵᠢᠶᠧ ᠬᠡᠯᠡᠬᠦ ᠳᠡᠭᠡᠨ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠨᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠰᠢᠭᠤᠳ ᠬᠤᠯᠪᠣᠭᠳᠠᠵᠤ ᠪᠠᠶᠢᠳᠠᠭ᠂ ᠰᠤᠷᠭᠠᠭᠤᠯᠢ ᠨᠤᠭᠤᠳ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠱᠠᠲᠤ ᠱᠠᠲᠤ ᠪᠠᠷ ᠪᠣᠭᠤᠮᠲᠠ ᠶᠢ ᠠᠳᠬᠤᠵᠤ᠂ ᠴᠥᠬᠦᠷᠡᠰᠢ ᠥᠬᠡᠶ ᠪᠠᠶᠢᠩᠭᠤ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠤᠷᠤᠭᠴᠢᠳ ᠤᠨ ᠰᠢᠮ᠎ᠡ ᠲᠡᠵᠢᠭᠡᠯ ᠤᠨ ᠲᠡᠩᠴᠡᠭᠦᠷᠢᠲᠡᠶ᠂ ᠠᠮᠤᠷ ᠲᠦᠪᠰᠢᠨ ᠡᠷᠡᠭᠦᠯ ᠮᠡᠨᠳᠦ ᠶᠢ ᠪᠠᠲᠤᠯᠠᠵᠤ᠂ ᠰᠤᠷᠤᠭᠴᠢᠳ ᠢ ᠰᠡᠳᠬᠢᠯ ᠬᠠᠨᠤᠮᠵᠢᠲᠠᠶ᠂ ᠬᠡᠷ ᠤᠨ ᠠᠬᠠᠮᠠᠳ ᠢ ᠰᠠᠨᠠᠭ᠎ᠠ ᠠᠮᠤᠷ ᠰᠤᠷᠭᠠᠭᠤᠯᠢ ᠶᠢᠨ ᠬᠦᠷᠢᠶᠡᠨ ᠤ ᠬᠤᠭᠤᠯᠠ ᠢᠳᠡᠬᠦ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠬᠤ ᠬᠡᠷᠡᠭᠲᠡᠶ ᠭᠡᠵᠡᠶ᠃ ᠴᠢᠦ ᠵᠢᠶᠦ᠋ᠨ ᠵᠢᠶᠧ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠨᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠦᠰᠦᠨ ᠪᠤᠶᠢᠵᠢᠬᠤ ᠲᠠᠢ ᠬᠤᠯᠪᠣᠭᠳᠠᠵᠤ᠂ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠲᠠᠢ ᠬᠤᠯᠪᠣᠭᠳᠠᠵᠤ ᠪᠠᠶᠢᠳᠠᠭ᠃ ᠰᠤᠷᠭᠠᠨ ᠬᠥᠮᠦᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠪᠠᠭ᠎ᠠ ᠶᠠᠪᠤᠳᠠᠯ ᠥᠬᠡᠶ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠭᠤᠤᠯᠳᠠᠯᠭ᠎ᠠ ᠲᠠᠢ ᠣᠷᠣᠨ ᠪᠠᠶᠢᠷᠢ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2