ᠱᠠᠩᠳᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ 2025 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢ ᠮᠡᠳᠡᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/3/12
    ᠡᠯ᠎ᠡ ᠬᠤᠯᠪᠣᠭᠳᠠᠯ ᠪᠦᠬᠦᠢ ᠨᠢᠭᠡᠴᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠄    ᠪᠦᠬᠦ ᠰᠢᠶᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠲᠦᠷᠢᠮ︾ ︽ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢᠨ ᠵᠠᠭᠠᠭᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ︽ᠵᠢᠭᠰᠠᠭᠠᠬᠤ ᠶᠣᠰᠣᠲᠠᠶ ᠶᠢ ᠠᠯᠢ ᠴᠢᠳᠠᠬᠤ ᠪᠠᠷ ᠵᠢᠭᠰᠠᠭᠠᠬᠤ︾ ᠵᠠᠷᠴᠢᠮ ᠶᠣᠰᠣᠭᠠᠷ᠂ ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠬᠦ ᠨᠢᠭᠡᠴᠡ ᠪᠦᠬᠦᠨ ᠢ ᠰᠠᠨᠠᠭᠠᠴᠢᠯᠠᠭ᠎ᠠ ᠠᠴᠠ ᠪᠠᠨ ᠬᠠᠷᠢᠶ᠎ᠠ ᠭᠠᠵᠠᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠲᠤ ᠮᠡᠳᠡᠭᠦᠯᠵᠦ᠂ ᠬᠢᠨᠠᠨ ᠪᠠᠶᠢᠴᠠᠭᠠᠵᠤ ᠬᠢᠨᠠᠨ ᠲᠣᠭᠲᠠᠭᠠᠭᠰᠠᠨ ᠤ ᠳᠠᠷᠠᠭ᠎ᠠ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠪᠠᠷ ᠲᠣᠭᠲᠠᠭᠠᠨ᠎ᠠ᠃ ᠡᠳᠦᠭᠡ 2025 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢ ᠭᠤᠶᠤᠴᠢᠯᠠᠨ ᠮᠡᠳᠡᠭᠦᠯᠬᠦ ᠠᠵᠢᠯ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠮᠡᠳᠡᠭᠦᠯᠬᠦ ᠴᠠᠭ    ᠲᠣᠰ ᠡᠳᠦᠷ ᠠᠴᠠ ᠡᠬᠢᠯᠡᠨ 2025 ᠣᠨ ᠤ 3 ᠰᠠᠷ᠎ᠠ ᠶᠢᠨ 20 ᠤ ᠡᠳᠦᠷ ᠪᠣᠯᠲᠠᠯ᠎ᠠ᠃    ᠬᠤᠶᠠᠷ᠂ ᠮᠡᠳᠡᠭᠦᠯᠬᠦ ᠡᠲᠡᠭᠡᠳ    ︵ᠨᠢᠭᠡ᠂ ᠱᠠᠩᠳᠤ ᠰᠢᠶᠠᠨ ᠤ ᠵᠠᠰᠠᠭ ᠵᠠᠬᠢᠷᠭᠠᠨ ᠤ ᠬᠠᠷᠢᠶ᠎ᠠ ᠣᠷᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︵ᠳᠠᠭᠠᠯᠳᠤᠭᠤᠯᠤᠯ 1 ᠳᠤ ᠨᠠᠷᠢᠨ ᠦᠵᠡᠭᠡᠷᠡᠶ︶ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠴᠥᠮ ᠬᠠᠷᠢᠶ᠎ᠠ ᠭᠠᠵᠠᠷ ᠤᠨ ᠢᠶᠠᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃    ︵ᠬᠤᠶᠠᠷ᠂ ᠱᠠᠩᠳᠤ ᠰᠢᠶᠠᠨ ᠤ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠳᠣᠲᠣᠷ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠳᠤ ᠨᠡᠶᠢᠴᠡᠭᠰᠡᠨ ᠪᠠᠶᠢᠬᠤ︶ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠪᠠᠰᠠ ᠬᠠᠷᠢᠶ᠎ᠠ ᠭᠠᠵᠠᠷ ᠤᠨ ᠢᠶᠠᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃    ᠭᠤᠷᠪᠠ᠂ ᠮᠡᠳᠡᠭᠦᠯᠬᠦ ᠱᠠᠭᠠᠷᠳᠠᠯᠭ᠎ᠠ    ︵ᠨᠢᠭᠡ︶ 2024 ᠣᠨ ᠳᠤ ᠨᠢᠭᠡᠨᠲᠡ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠪᠠᠷ ᠭᠤᠶᠤᠴᠢᠯᠠᠨ ᠮᠡᠳᠡᠭᠦᠯᠦᠭᠰᠡᠨ ᠪᠥᠭᠡᠳ ᠣᠲᠣ ᠪᠣᠯᠲᠠᠯ᠎ᠠ ᠨᠢᠭᠡᠴᠡ ᠳᠤ ᠬᠤᠪᠢᠷᠠᠯᠲᠠ ᠭᠠᠷᠤᠭᠰᠠᠨ ᠥᠬᠡᠶ ᠪᠠᠶᠢᠪᠠᠯ᠂ 2025 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠪᠠᠷ ᠰᠢᠭᠤᠳ ᠲᠣᠭᠲᠠᠭᠠᠵᠤ ᠪᠣᠯᠤᠨ᠎ᠠ᠂ ᠲᠣᠰ ᠤᠳᠠᠭ᠎ᠠ ᠳᠠᠬᠢᠨ ᠰᠢᠨ᠎ᠡ ᠪᠠᠷ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠴᠢᠬᠤᠯᠠ ᠥᠬᠡᠶ︔    ︵ᠬᠤᠶᠠᠷ︶ ᠰᠢᠨ᠎ᠡ ᠪᠠᠷ ᠨᠡᠮᠡᠭᠳᠡᠭᠰᠡᠨ ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠨᠢᠭᠡᠴᠡ ᠨᠢ ᠬᠠᠤᠯᠢ ᠶᠣᠰᠣᠭᠠᠷ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ︔    1᠂ ᠨᠢᠭᠡ ᠰᠠᠭᠤᠷᠢ ᠪᠠᠷᠢᠯᠭ᠎ᠠ ᠶᠢᠨ ᠳᠣᠲᠣᠷᠠᠬᠢ ᠲᠤᠰ ᠲᠤᠰ ᠤᠨ ᠪᠡᠶ᠎ᠡ ᠪᠠᠨ ᠳᠠᠭᠠᠭᠠᠭᠰᠠᠨ ᠥᠮᠴᠢᠯᠡᠬᠦ ᠡᠷᠬᠡ ᠲᠠᠢ ᠨᠢᠭᠡᠴᠡ ᠪᠤᠶᠤ ᠬᠡᠷᠡᠭᠯᠡᠬᠦ ᠨᠢᠭᠡᠴᠡ ᠨᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠪᠦᠬᠦᠨ ᠢ ᠲᠤᠰ ᠲᠤᠰ ᠲᠠᠭᠠᠨ ᠪᠡᠶ᠎ᠡ ᠪᠠᠨ ᠳᠠᠭᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ︔ ᠪᠠᠷᠢᠯᠭ᠎ᠠ ᠶᠢᠨ ᠲᠤᠰ ᠪᠡᠶ᠎ᠡ ᠨᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ ᠲᠤᠰ ᠪᠠᠷᠢᠯᠭ᠎ᠠ ᠶᠢᠨ ᠥᠮᠴᠢᠯᠡᠬᠦ ᠡᠷᠬᠡ ᠲᠠᠢ ᠨᠢᠭᠡᠴᠡ ᠴᠤ ᠪᠡᠶ᠎ᠡ ᠪᠠᠨ ᠳᠠᠭᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃    2. ᠬᠠᠷᠢᠶᠠᠯᠠᠭᠳᠠᠬᠤ ᠬᠠᠷᠢᠴᠠᠭ᠎ᠠ ᠲᠠᠢ ᠨᠢᠭᠡᠴᠡ ᠨᠢ ᠠᠳᠠᠯᠢ ᠨᠢᠭᠡᠨ ᠭᠠᠵᠠᠷ ᠲᠤ ᠪᠠᠶᠢᠬᠤ ᠦᠭᠡᠶ ᠪᠥᠭᠡᠳ ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠬᠦ ᠶᠢ ᠬᠠᠮᠢᠶᠠᠷᠬᠤ ᠦᠭᠡᠶ᠂ ᠬᠠᠷᠢᠶ᠎ᠠ ᠪᠦᠬᠦᠢ ᠨᠢᠭᠡᠴᠡ ᠨᠢ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠡᠰᠡᠬᠦ ᠭᠡᠰᠡᠨ ᠦᠭᠡᠶ ᠴᠥᠮ ᠲᠤᠰᠠᠭᠠᠷ ᠨᠢ ᠮᠡᠳᠡᠭᠦᠯᠵᠦ ᠳᠠᠩᠰᠠᠯᠠᠭᠤᠯᠬᠤ ᠬᠡᠷᠡᠭᠲᠡᠶ ︵ᠮᠡᠳᠡᠭᠦᠯᠬᠦ ᠦ᠊ ᠡᠶ᠎ᠡ ᠳᠤ ᠨᠢᠭᠡᠴᠡ ᠶᠢᠨ ᠬᠠᠤᠯᠢ ᠪᠠᠷ ᠲᠣᠭᠲᠠᠭᠠᠭᠰᠠᠨ ᠨᠡᠷᠡᠶᠢᠳᠦᠯ ᠢ ᠲᠠᠭᠯᠠᠨ ᠪᠢᠴᠢᠬᠦ ᠶᠢᠨ ᠬᠠᠮᠲᠤ ᠳᠡᠭᠡᠳᠦ ᠱᠠᠲᠤᠨ ᠤ ᠨᠢᠭᠡᠴᠡ ᠵᠢᠴᠢ ᠲᠡᠭᠦᠨ ᠤ ᠬᠠᠶᠢᠭ ᠢ ᠲᠣᠳᠣᠷᠬᠠᠶ ᠲᠡᠮᠳᠡᠭᠯᠡᠭᠰᠡᠨ ᠪᠠᠶᠢᠬᠤ ᠬᠡᠷᠡᠭᠲᠡᠶ︶︔ ᠠᠳᠠᠯᠢ ᠨᠢᠭᠡᠨ ᠭᠠᠵᠠᠷ ᠲᠤ ᠬᠠᠷᠢᠶᠠᠯᠠᠭᠳᠠᠬᠤ ᠬᠠᠷᠢᠴᠠᠭ᠎ᠠ ᠲᠠᠢ ᠨᠢᠭᠡᠴᠡ ᠨᠢ᠂ ᠬᠠᠷᠢᠶ᠎ᠠ ᠨᠢᠭᠡᠴᠡ ᠨᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠬᠤ ᠮᠥᠷᠲᠡᠭᠡᠨ ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠪᠡᠯ᠂ ᠪᠠᠰᠠ ᠲᠤᠰᠠᠭᠠᠷ ᠨᠢ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃    ︵ᠭᠤᠷᠪᠠ︶ ᠳᠠᠩᠰᠠᠯᠠᠭᠤᠯᠬᠤ ᠪᠠᠷ ᠮᠡᠳᠡᠭᠦᠯᠦᠭᠰᠡᠨ ᠦᠭᠡᠢ ᠪᠠᠶᠢᠪᠠᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠡᠳᠦᠷ ᠲᠤᠲᠤᠮ ᠤᠨ ᠠᠵᠢᠯ ᠤᠨ ᠳᠤᠮᠳᠠ ᠪᠠᠨ ᠲᠡᠭᠦᠨ ᠤ ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠬᠦ ᠶᠢ ᠣᠯᠵᠤ ᠮᠡᠳᠡᠪᠡᠯ᠂ 3 ᠠᠵᠢᠯᠯᠠᠬᠤ ᠡᠳᠦᠷ ᠤᠨ ᠳᠣᠲᠣᠷ᠎ᠠ ᠨᠥᠬᠦᠵᠦ ᠮᠡᠳᠡᠭᠦᠯᠵᠦ ᠳᠠᠩᠰᠠᠯᠠᠭᠤᠯᠬᠤ ᠬᠡᠷᠡᠭᠲᠡᠢ︔    ︵ᠲᠦᠷᠪᠡ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠨᠤᠭᠤᠳ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠠᠤᠯᠢ ᠴᠠᠭᠠᠵᠠ ᠪᠠ ᠬᠠᠮᠢᠶ᠎ᠠ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠨᠳᠦᠰᠦᠯᠡᠨ᠂ ᠨᠡᠶᠢᠭᠡᠮ ᠨᠢᠭᠡᠴᠢ ᠶᠢᠨ ᠮᠡᠳᠡᠭᠦᠯᠦᠭᠰᠡᠨ ᠪᠦᠷᠢᠳᠬᠡᠨ ᠳᠠᠩᠰᠠᠯᠠᠭᠰᠠᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢᠨ ᠬᠠᠮᠲᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠨᠡᠶᠢᠭᠡᠮ ᠳᠤ ᠨᠡᠶᠢᠲᠡᠯᠡᠵᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠳᠤ ᠣᠷᠣᠭᠤᠯᠤᠨ᠎ᠠ᠃    ᠳᠥᠷᠪᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ    ᠡᠯ᠎ᠡ ᠨᠢᠭᠡᠴᠡ ᠨᠦᠭᠦᠳ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠪᠢᠴᠢᠬᠦ ᠶᠢᠨ ᠬᠠᠮᠲᠤ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃ ᠱᠠᠩᠳᠤ ᠰᠢᠶᠠᠨ ᠤ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠳᠣᠲᠣᠷᠠᠬᠢ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢᠨ ᠵᠠᠭᠠᠭᠯᠠᠨ ᠲᠣᠭᠲᠠᠭᠠᠬᠤ ᠪᠠᠷᠢᠮᠵᠢᠶ᠎ᠠ ᠨᠢ ᠵᠠᠷᠯᠠᠨ ᠨᠡᠶᠢᠲᠡᠯᠡᠬᠦ ᠱᠠᠭᠠᠷᠳᠠᠯᠭ᠎ᠠ ᠶᠣᠰᠣᠭᠠᠷ ᠭᠠᠯ ᠤᠨ ᠠᠶᠤᠯ ᠭᠠᠷᠤᠭᠰᠠᠨ ᠢ ᠮᠡᠳᠡᠭᠦᠯᠦᠭᠰᠡᠨ ᠥᠬᠡᠶ ᠨᠢᠭᠡᠴᠡ ᠪᠦᠬᠦᠨ ᠬᠠᠤᠯᠢ ᠶᠣᠰᠣᠭᠠᠷ ᠵᠣᠬᠢᠴᠠᠩᠭᠤᠶ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠭᠠᠯ ᠤᠨᠲᠠᠷᠠᠭᠠᠬᠤ ᠠᠮᠤᠷ ᠲᠦᠪᠰᠢᠨ ᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠳᠤ ᠣᠷᠣᠭᠤᠯᠤᠨ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃    ᠲᠠᠪᠤ᠂ ᠭᠤᠶᠤᠴᠢᠯᠠᠨ ᠮᠡᠳᠡᠭᠦᠯᠬᠦ ᠭᠠᠵᠠᠷ ᠵᠢᠴᠢ ᠬᠠᠷᠢᠯᠴᠠᠬᠤ ᠠᠷᠭ᠎ᠠ ᠮᠠᠶ᠋ᠢᠭ    ᠱᠠᠩᠳᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︵ᠱᠠᠩᠳᠤ ᠰᠢᠶᠠᠨ ᠤ ᠵᠢᠤᠢ ᠶᠧ ᠵᠠᠮ ᠤᠨ ᠤᠰᠤᠨ ᠬᠤᠢ ᠴᠡᠴᠡᠷᠯᠢᠭ ᠤᠨ ᠪᠠᠷᠠᠭᠤᠨᠲᠠᠢ︶᠂ ᠬᠠᠷᠢᠯᠴᠠᠬᠤ ᠤᠲᠠᠰᠤ 0474 - 6816119    ᠪᠣᠳᠠᠲᠠᠶ ᠮᠡᠳᠡᠭᠦᠯᠬᠦ ᠠᠷᠭ᠎ᠠ ᠮᠠᠶ᠋ᠢᠭ ᠨᠢ ᠲᠣᠳᠣᠷᠬᠠᠶ ᠦᠭᠡᠶ ᠭᠠᠵᠠᠷ ᠨᠢ ᠪᠠᠶᠢᠭ᠎ᠠ ᠭᠠᠵᠠᠷ ᠤᠨ ᠢᠶᠠᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠴᠦ ᠠᠰᠠᠭᠤᠨ ᠯᠠᠪᠯᠠᠬᠤ ᠪᠤᠶᠤ ᠴᠠᠬᠢᠯᠭᠠᠨ ᠶᠠᠪᠤᠭᠤᠯᠵᠤ ᠬᠤᠯᠪᠣᠭ᠎ᠠ ᠠᠪᠴᠤ ᠪᠣᠯᠤᠨ᠎ᠠ᠃    ᠣᠨᠴᠠᠭᠠᠶᠢᠯᠠᠨ ᠵᠠᠷᠯᠠᠨ ᠨᠡᠶᠢᠲᠡᠯᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄ ᠬᠠᠨᠠᠭᠠᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2