3 ᠰᠠᠷ᠎ᠠ ᠶᠢᠨ 12 ᠤᠨ ᠡᠳᠦᠷ᠂ ᠱᠠᠩᠳᠤ ᠰᠢᠶᠠᠨ 2025 ᠣᠨ ᠤ ᠳᠡᠭᠡᠷ᠎ᠡ ᠬᠠᠭᠠᠰ ᠵᠢᠯ ᠤᠨ ᠰᠢᠨ᠎ᠡ | ᠴᠡᠷᠢᠭ ᠢ ᠦᠳᠡᠨ ᠮᠣᠷᠳᠠᠭᠤᠯᠬᠤ ᠬᠤᠷᠠᠯ ᠬᠢᠵᠦ᠂ ᠰᠢᠨ᠎ᠡ ᠴᠡᠷᠢᠭ ᠤᠨ ᠪᠠᠶᠢᠯᠳᠤᠭᠴᠢᠳ ᠴᠦ ᠰᠢᠨ᠎ᠡ ᠴᠡᠷᠢᠭ ᠤᠨ | ᠬᠤᠪᠴᠠᠰᠤ ᠡᠮᠦᠰᠴᠦ᠂ ᠬᠡᠬᠦᠳᠡᠭ ᠴᠡᠭᠡᠵᠢᠨ ᠳᠡᠭᠡᠨ ᠭᠠᠯ ᠤᠯᠠᠭᠠᠨ ᠴᠡᠴᠡᠭ ᠵᠡᠭᠦᠵᠦ᠂ ᠨᠤᠲᠤᠭ ᠤᠨ ᠠᠷᠠᠳ | ᠲᠦᠮᠡᠨ ᠤ ᠵᠥᠩᠨᠡᠯ ᠪᠣᠯᠤᠨ ᠬᠦᠰᠡᠯ ᠡᠷᠡᠮᠡᠯᠵᠡᠯ ᠢᠶᠠᠨ ᠡᠪᠦᠷᠯᠡᠨ᠂ ᠤᠳᠠᠯ ᠦᠭᠡᠢ ᠤᠯᠤᠰ ᠣᠷᠣᠨ ᠢᠶᠠᠨ ᠬᠠᠮᠠᠭᠠᠯᠠᠬᠤ | ᠰᠢᠨ᠎ᠡ ᠠᠶᠠᠨ ᠢᠶᠠᠨ ᠡᠬᠢᠯᠡᠭᠦᠯᠬᠦ ᠪᠣᠯᠤᠨ᠎ᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ | ᠴᠢᠦ ᠵᠢᠶᠦ᠋ᠨ ᠵᠢᠶᠧ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ | ᠰᠢᠶᠠᠨ ᠤ ᠳᠠᠷᠤᠭ᠎ᠠ ᠵᠠᠩ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶ ᠬᠠᠶ ᠹᠧᠩ ᠦᠳᠡᠨ ᠮᠣᠷᠳᠠᠭᠤᠯᠬᠤ ᠬᠤᠷᠠᠯ ᠳᠤ ᠣᠷᠣᠯᠴᠠᠪᠠ᠃ | ᠴᠢᠦ ᠵᠢᠶᠦ᠋ᠨ ᠵᠢᠶᠧ ᠢᠷᠠᠭᠤ ᠠᠯᠳᠠᠷᠲᠠᠢ ᠪᠠᠷ ᠴᠡᠷᠢᠭ ᠲᠤ ᠤᠷᠤᠭᠰᠠᠨ ᠰᠢᠨ᠎ᠡ ᠴᠡᠷᠢᠭ ᠲᠤ ᠬᠠᠯᠠᠭᠤᠨ ᠪᠠᠶᠠᠷ | ᠬᠦᠷᠭᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠢᠳᠡᠪᠬᠢᠲᠡᠶ ᠪᠠᠷ | ᠴᠡᠷᠢᠭ ᠤᠨ ᠴᠡᠷᠢᠭ ᠲᠤ ᠤᠷᠤᠭᠰᠠᠨ ᠭᠡᠷ ᠤᠨ ᠠᠬᠠᠮᠠᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠲᠡᠷᠡ | ᠬᠡᠯᠡᠭᠰᠡᠨ ᠨᠢ᠂ ᠴᠡᠷᠢᠭ ᠲᠤ ᠣᠷᠣᠬᠤ ᠪᠣᠯ ᠵᠣᠬᠢᠬᠤ ᠨᠠᠰᠤᠨ ᠤ ᠵᠠᠯᠠᠭᠤᠴᠤᠳ ᠨᠢᠭᠡᠪᠦᠷᠢ ᠶᠢᠨ ᠭᠦᠢᠴᠡᠳᠬᠡᠪᠡᠰᠦ | ᠵᠣᠬᠢᠬᠤ ᠡᠭᠦᠷᠭᠡ ᠮᠥᠨ᠂ ᠨᠠᠩ ᠴᠤ ᠨᠢᠭᠡ ᠤᠳᠠᠭᠠᠨ ᠤ ᠡᠷᠬᠢᠮ ᠨᠠᠨᠳᠢᠨ ᠬᠥᠮᠦᠨ ᠤ ᠠᠮᠢᠳᠤᠷᠠᠯ ᠤᠨ ᠪᠣᠯᠪᠠᠰᠤᠷᠠᠯ | ᠮᠥᠨ᠂ ᠰᠢᠨ᠎ᠡ ᠴᠡᠷᠢᠭ ᠠᠩᠭᠢ ᠨᠤᠲᠤᠭ ᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠴᠡᠷᠢᠭ ᠠᠩᠭᠢ ᠳᠤ ᠬᠦᠷᠦᠭᠰᠡᠨ ᠤ ᠳᠠᠷᠠᠭ᠎ᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠵᠢᠯᠣᠭᠤᠳᠣᠯᠭ᠎ᠠ ᠶᠢ | ᠳᠠᠭᠠᠵᠤ᠂ ᠬᠠᠲᠠᠭᠤᠵᠢᠯᠲᠠᠶ ᠪᠣᠯᠪᠠᠰᠤᠷᠠᠵᠤ᠂ ᠴᠡᠷᠢᠭ ᠤᠨ ᠶᠠᠪᠤᠳᠠᠯ ᠤᠨ ᠬᠡᠪ ᠪᠣᠯᠪᠠᠰᠤᠷᠠᠯ ᠪᠠ ᠬᠤᠪᠢ ᠬᠥᠮᠦᠨ ᠤ | ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠣᠷᠣᠨ ᠢᠶᠠᠨ ᠬᠠᠮᠠᠭᠠᠯᠠᠬᠤ | ᠠᠷᠢᠭᠤᠨ ᠳᠠᠷᠬᠠᠨ ᠡᠭᠦᠷᠭᠡ ᠪᠠᠨ ᠦᠢᠯᠡᠳᠦᠯᠭᠡᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ | ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠶ᠃ | ᠦᠳᠡᠨ ᠮᠣᠷᠳᠠᠭᠤᠯᠬᠤ ᠬᠤᠷᠠᠯ ᠳᠡᠭᠡᠷ᠎ᠡ᠂ ᠪᠠᠢ ᠬᠠᠢ ᠹᠧᠩ ᠴᠡᠷᠢᠭ ᠲᠤ ᠣᠷᠣᠬᠤ ᠵᠠᠷᠯᠢᠭ ᠢ ᠤᠩᠰᠢᠨ | ᠨᠡᠶᠢᠲᠡᠯᠡᠪᠡ᠃ | ᠤᠢᠢᠷ᠎ᠠ ᠶᠢᠨ ᠵᠢᠯ ᠠᠴᠠ᠂ ᠱᠠᠩᠳᠤ ᠰᠢᠶᠠᠨ ᠤᠯᠤᠰ ᠤᠨ ᠴᠡᠷᠢᠭ ᠡᠯᠰᠡᠬᠦ ᠤᠷᠢᠶᠠᠯᠠᠭ᠎ᠠ ᠶᠢ ᠢᠳᠡᠪᠬᠢᠲᠡᠢ | ᠴᠤᠤᠷᠢᠶᠠᠲᠤᠨ ᠳᠠᠭᠠᠵᠤ᠂ ᠴᠡᠷᠢᠭ ᠡᠯᠰᠡᠬᠦ ᠤᠬᠠᠭᠤᠯᠭ᠎ᠠ᠂ ᠪᠡᠶ᠎ᠡ ᠶᠢᠨ ᠪᠠᠶᠢᠴᠠᠭᠠᠯᠲᠠ ᠶᠢᠨ ᠤᠯᠤᠰ ᠲᠦᠷᠦ ᠶᠢᠨ | ᠬᠢᠨᠠᠯᠲᠠ᠂ ᠴᠡᠷᠢᠭ ᠤᠨ ᠠᠯᠪᠠᠨ ᠠᠴᠠ ᠡᠮᠦᠨᠡᠬᠢ ᠪᠣᠯᠪᠠᠰᠤᠷᠠᠯ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠴᠡᠷᠢᠭ ᠠᠩᠬᠢ ᠳᠤ ᠨᠢᠭᠡ ᠪᠦᠯᠦᠭ ᠪᠠᠰᠠ ᠨᠢᠭᠡ ᠪᠦᠯᠦᠭ ᠰᠢᠯᠢᠳᠡᠭ ᠵᠠᠯᠠᠭᠤᠴᠤᠳ ᠢ ᠬᠦᠷᠭᠡᠪᠡ᠃ | ᠲᠣᠰ ᠤᠳᠠᠭᠠᠨ ᠤ ᠦᠳᠡᠨ ᠮᠣᠷᠳᠠᠭᠤᠯᠬᠤ ᠬᠤᠷᠠᠯ ᠨᠢ ᠰᠢᠨ᠎ᠡ ᠴᠡᠷᠢᠭ ᠲᠤ ᠨᠤᠲᠤᠭ ᠤᠨ ᠠᠷᠠᠳ ᠲᠦᠮᠡᠨ ᠤ | ᠬᠠᠯᠠᠮᠵᠢᠯᠠᠯ ᠪᠠ ᠳᠡᠮᠵᠢᠯᠭᠡ ᠶᠢ ᠬᠦᠷᠲᠡᠭᠰᠡᠨ ᠢᠶᠠᠷ ᠪᠠᠷᠠᠬᠤ ᠥᠬᠡᠶ᠂ ᠪᠠᠰᠠ ︽ᠨᠢᠭᠡ ᠬᠥᠮᠦᠨ ᠴᠡᠷᠢᠭ ᠲᠤ ᠣᠷᠣᠵᠤ᠂ | ᠪᠥᠬᠦ ᠭᠡᠷ ᠪᠦᠯᠢ ᠢᠷᠠᠭᠤ ᠠᠯᠳᠠᠷᠲᠠᠶ︾ ᠭᠡᠬᠦ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ | ᠪᠣᠯᠭᠠᠵᠤ᠂ ᠥᠷᠭᠡᠨ ᠣᠯᠠᠨ ᠵᠣᠬᠢᠬᠤ ᠨᠠᠰᠤᠨ ᠤ ᠵᠠᠯᠠᠭᠤᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠦᠢᠯᠡᠰ ᠲᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠰᠢᠶᠠᠨ ᠤ ᠡᠮᠨᠡᠯᠭᠡ ᠶᠢᠨ ᠬᠤᠷᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ | ᠣᠷᠣᠯᠴᠠᠪᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |