ᠶᠠᠩ ᠸᠧᠨ ᠾᠦᠢ ᠤᠰᠤ ᠠᠷᠪᠢᠯᠠᠬᠤ ᠠᠵᠢᠯᠯᠠᠭ᠎ᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/13
   3 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠤᠰᠤ ᠠᠷᠪᠢᠯᠠᠬᠤ ᠠᠵᠢᠯᠯᠠᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃    ᠶᠠᠩ ᠸᠧᠨ ᠾᠦᠢ ᠳ᠋ᠠ ᠾᠧᠢ ᠱᠠ ᠲᠤ ᠪᠠᠯᠭᠠᠰᠤ ᠶᠢᠨ ᡁᠢ ᠵᠢᠢ ᠲᠠᠨ ᠵᠠᠰᠠᠭ ᠵᠠᠬᠢᠷᠭᠠᠨ ᠤ ᠲᠣᠰᠬᠤᠨ ᠪᠣᠯᠤᠨ ᠪᠠᠶᠠᠨᠵᠠᠰᠠᠭ ᠵᠠᠬᠢᠷᠭᠠᠨ ᠤ ᠲᠣᠰᠬᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠣᠯᠢᠯᠴᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤ ᠠᠷᠪᠢᠯᠠᠬᠤ ᠶᠢ ᠡᠵᠡᠮᠳᠡᠬᠦ᠂ ᠦᠨᠳᠦᠰᠦᠨ ᠱᠠᠲᠤᠨ ᠤ ᠵᠠᠰᠠᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠠᠵᠢᠯᠯᠠᠭᠠᠨ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠶᠠᠩ ᠸᠧᠨ ᠾᠦᠢ ᠡᠩ ᠲᠡᠷᠢᠭᠦᠨ ᠳᠤ ᠳ᠋ᠠ ᠾᠧᠢ ᠱᠠ ᠲᠤ ᠪᠠᠯᠭᠠᠰᠤᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠪᠠ᠃ ᠲᠡᠷᠡ᠂ ᠳ᠋ᠠ ᠾᠧᠢ ᠱᠠ ᠲᠦ᠋ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ ᠰᠡᠳᠬᠢᠴᠡ ᠲᠣᠳᠣᠷᠬᠠᠢ᠂ ᠠᠷᠭ᠎ᠠ ᠬᠡᠮᠵᠢᠶ᠎ᠡ ᠬᠦᠴᠦᠲᠡᠢ ᠪᠠᠶᠢᠵᠤ᠂ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠦᠨᠳᠦᠰᠦᠨ ᠱᠠᠲᠤᠨ ᠤ ᠵᠠᠰᠠᠯᠲᠠ ᠵᠡᠷᠭᠡ ᠲᠠᠯ᠎ᠠ ᠪᠠᠷ ᠴᠥᠮ ᠪᠣᠳᠠᠲᠠᠢ ᠠᠬᠢᠴᠠ ᠲᠠᠢ ᠪᠣᠯᠵᠠᠢ᠃ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠬᠠᠷᠠᠯᠲᠠ ᠪᠠᠨ ᠲᠣᠭᠲᠠᠭᠠᠵᠤ᠂ ᠢᠳᠡᠪᠬᠢᠲᠡᠢ ᠠᠵᠢᠯᠯᠠᠵᠤ᠂ ᠪᠦᠬᠦ ᠰᠢᠶᠠᠨ ᠤ ᠡᠯ᠎ᠡ ᠵᠦᠢᠯ ᠤᠨ ᠠᠵᠢᠯ ᠤᠨ ᠳᠤᠮᠳᠠ ᠡᠮᠦᠨ᠎ᠡ ᠨᠢ ᠭᠠᠪᠰᠢᠭᠠᠶᠢᠯᠠᠵᠤ᠂ ᠮᠠᠩᠯᠠᠶᠢᠯᠠᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠡᠯ᠎ᠡ ᠰᠢᠶᠠᠩ ᠪᠠᠯᠭᠠᠰᠤ ᠶᠢᠨ ᠬᠢᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠷ ᠦᠷᠭᠦᠯᠵᠢᠯᠡᠨ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠰᠢᠨ᠎ᠡ ᠦᠷ᠎ᠡ ᠪᠦᠲᠦᠮᠵᠢ ᠤᠯᠬᠤ ᠶᠢ ᠴᠢᠷᠮᠠᠶᠢᠨ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠰᠢᠨ᠎ᠡ ᠠᠯᠬᠤᠮ ᠢ ᠠᠯᠬᠤᠬᠤ ᠬᠡᠷᠡᠭᠲᠡᠢ᠃ ︽ᠤᠰᠤ ᠠᠷᠪᠢᠯᠠᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠠᠵᠢᠯ ᠤᠨ ᠡᠮᠦᠨ᠎ᠡ ᠨᠢ ᠶᠠᠪᠤᠵᠤ᠂ ᠵᠢᠱᠢᠶ᠎ᠡ ᠦᠵᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠠᠶᠢᠯ ᠲᠣᠰᠬᠤᠨ ᠤ ᠡᠷᠡᠭᠦᠯ ᠬᠠᠮᠠᠭᠠᠯᠠᠯ ᠢ ᠴᠢᠨᠠᠭᠰᠢᠳᠠ ᠴᠡᠪᠡᠷᠰᠢᠭᠦᠯᠵᠦ᠂ ᠬᠥᠳᠡᠭᠡ ᠲᠣᠰᠬᠤᠨ ᠤ ᠵᠠᠮ ᠢ ᠭᠤᠶᠤᠵᠢᠭᠤᠯᠵᠤ᠂ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠠᠷᠭ᠎ᠠ ᠵᠠᠮ ᠢ ᠰᠢᠯᠢᠳᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠦᠷᠳᠡᠭ ᠢ ᠭᠦᠨᠵᠡᠭᠡᠢ ᠠᠭᠤᠳᠠᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠡᠯᠬᠢᠶ᠎ᠡ ᠶᠢ ᠤᠷᠲᠤᠳᠬᠠᠵᠤ᠂ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠢ᠃    ᠵᠠᠩ ᠶᠧ ᠢᠦᠢ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2