ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ | ᠬᠠᠷᠢᠶᠠᠲᠤ ᠣᠷᠣᠨ᠋ ᠤ ᠰᠠᠭᠤᠭᠠᠯᠢ ᠠᠷᠠᠳ᠋᠊ ᠤᠨ ᠤᠶᠤᠨ ᠰᠠᠨᠠᠭ᠎ᠠ ᠰᠣᠶᠣᠯ ᠤᠨ ᠬᠡᠷᠡᠭᠴᠡᠭ᠊ ᠡ ᠶᠢ ᠬᠠᠩᠭᠠᠵᠤ᠂ | ᠪᠣᠯᠪᠠᠰᠤᠨ᠂ ᠡᠶ᠎ᠡ ᠵᠣᠬᠢᠴᠠᠩᠭᠤᠢ ᠨᠡᠢᠭᠡᠮ ᠦᠨ ᠠᠭᠤᠷ ᠠᠮᠢᠰᠭᠤᠯ ᠢ᠊ ᠪᠤᠢ ᠪᠣᠯᠭᠠᠬ᠊ ᠤᠶᠢᠨ ᠲᠥᠯᠥᠭᠡ ᠶᠤᠮ᠃ | 2025 ᠣᠨ ᠤ 3 ᠰᠠᠷ᠎ᠠ ᠶᠢᠨ 14 ᠤ ᠡᠳᠦᠷ᠂ ᠴᠢ ᠲᠠᠢ ᠪᠠᠯᠭᠠᠰᠤᠨ ᠤ ᠨᠠᠨ ᠮᠧᠨ ᠨᠡᠶᠢᠭᠡᠮ ᠲᠣᠭᠤᠷᠢᠭ ᠱᠠᠩᠳᠤ | ᠰᠢᠶᠠᠨ ᠤ ᠤᠯᠠᠭᠠᠨᠮᠥ᠋ᠴᠢᠷ ᠲᠠᠢ ᠬᠠᠮᠲᠤᠷᠠᠨ ︽ᠪᠠᠶᠠᠷ ᠪᠠᠶᠠᠰᠤᠯ ᠢ ᠬᠦᠷᠭᠡᠵᠦ ᠪᠣᠯᠪᠠᠰᠤᠨ ᠢ ᠬᠦᠷᠭᠡᠬᠦ︾ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ ᠤᠷᠠᠨ ᠰᠠᠶᠢᠬᠠᠨ ᠤ ᠲᠣᠭᠯᠠᠯᠲᠠ ᠶᠢᠨ | ᠬᠡᠯᠪᠡᠷᠢ ᠪᠠᠷ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠯᠠᠮᠵᠢᠯᠠᠵᠤ᠂ ᠨᠠᠮ ᠤᠨ | ᠲᠠᠭᠤᠨ ᠪᠣᠯᠤᠨ ᠬᠠᠯᠠᠮᠵᠢᠯᠠᠯ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠨ᠎ᠠ᠃ | ᠠᠵᠢᠯᠯᠠᠭ᠎ᠠ ᠨᠢ ᠨᠢᠭᠡᠨ ᠪᠥᠵᠢᠭ ᠢᠶᠠᠷ ᠬᠥᠰᠢᠭᠡ ᠪᠠᠨ ᠰᠡᠬᠦᠵᠦ᠂ ᠢᠷᠠᠭᠤ ᠰᠠᠶᠢᠬᠠᠨ ᠪᠥᠵᠢᠭ ᠢᠶᠠᠷ | ᠲᠣᠭᠯᠠᠭᠴᠢᠳ ᠪᠣᠯᠤᠨ ᠤᠯᠠᠨ ᠲᠦᠮᠡᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠬᠠᠩᠭᠢᠨᠠᠮ᠎ᠠ ᠳᠠᠭᠤᠤ ᠶᠢ | ᠳᠠᠭᠤᠯᠠᠵᠤ᠂ ᠬᠠᠩᠭᠢᠨᠠᠮ᠎ᠠ ᠰᠠᠶᠢᠬᠠᠨ ᠪᠥᠵᠢᠭ ᠢ ᠬᠥᠭᠵᠢᠮᠳᠡᠵᠦ᠂ ᠭᠤᠶᠢᠳᠠ ᠰᠠᠶᠢᠬᠠᠨ ᠪᠥᠵᠢᠭᠯᠡᠨ ᠬᠦᠳᠡᠯᠵᠦ᠂ | ᠡᠷᠡᠭᠲᠡᠢ ᠶᠢᠨ ᠭᠤᠴᠣᠯᠠᠯ ᠳᠠᠭᠤᠤ᠂ ᠡᠮᠡᠭᠲᠡᠢ ᠶᠢᠨ ᠪᠠᠭ᠎ᠠ ᠨᠠᠶᠢᠷᠠᠯ ᠳᠠᠭᠤᠤ ᠶᠢ ᠳᠠᠭᠤᠯᠠᠪᠠ᠃ ᠲᠣᠭᠯᠠᠭᠴᠢᠳ ᠤᠨ | ᠰᠡᠳᠬᠢᠯ ᠬᠥᠳᠡᠯᠭᠡᠮ᠎ᠡ ᠳᠠᠭᠤᠤ᠂ ᠬᠠᠯᠠᠭᠤᠨ ᠰᠡᠳᠬᠢᠯᠭᠡ ᠲᠠᠢ ᠪᠥᠵᠢᠭ᠂ ᠰᠡᠳᠬᠢᠯ ᠬᠥᠳᠡᠯᠭᠡᠮ᠎ᠡ ᠬᠥᠭᠵᠢᠮ ᠤᠨ | ᠬᠥᠭᠵᠢᠮ ᠨᠢ ᠪᠦᠬᠦ ᠲᠠᠯᠠᠪᠠᠢ ᠶᠢᠨ ᠦᠵᠡᠭᠴᠢᠳ ᠢ ᠪᠠᠶᠠᠷ ᠪᠠᠶᠠᠰᠬᠤᠯᠠᠩᠲᠤ ᠳᠠᠯᠠᠢ ᠲᠠᠩᠭᠢᠰ ᠲᠤ ᠣᠷᠣᠭᠤᠯᠪᠠ᠃ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠶᠠᠷᠲᠠᠶ ᠪᠠᠷ᠄ ︽ᠥᠨᠥᠳᠦᠷ ᠤᠨ ᠲᠣᠭᠯᠠᠯᠲᠠ ᠮᠠᠰᠢ ᠭᠤᠶᠢᠳᠠ | ᠰᠠᠶᠢᠬᠠᠨ ᠪᠠᠶᠢᠨ᠎ᠠ᠂ ᠪᠢᠳᠡ ᠭᠡᠷ ᠤᠨ ᠡᠭᠦᠳᠡᠨ ᠳᠤ ᠪᠠᠨ ᠡᠶᠢᠮᠦ ᠰᠠᠶᠢᠨ ᠰᠣᠶᠣᠯ ᠤᠨ ᠦᠪᠡᠳᠡᠭᠰᠢ ᠨᠠᠶᠢᠷ ᠢ ᠡᠳ᠋ᠯᠡᠵᠦ | ᠴᠢᠳᠠᠨ᠎ᠠ᠂ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠤᠯᠠᠮ ᠠᠴᠠ ᠤᠯᠠᠮ ᠰᠠᠶᠢᠵᠢᠷᠠᠵᠤ᠂ | ᠮᠠᠨ ᠤ ᠠᠮᠢᠳᠤᠷᠠᠯ ᠴᠤ ᠤᠯᠠᠮ ᠠᠴᠠ ᠤᠯᠠᠮ ᠭᠤᠶᠢᠳᠠ ᠰᠠᠶᠢᠬᠠᠨ ᠪᠣᠯᠪᠠ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ︽ᠨᠠᠮ ᠤᠨ ᠠᠴᠢ ᠶᠢ ᠮᠡᠳᠡᠷᠡᠵᠦ | ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ | ᠨᠡᠶᠢᠭᠡᠮ ᠲᠣᠭᠤᠷᠢᠭ ᠤᠨ ᠰᠣᠶᠣᠯ ᠤᠨ ᠠᠴᠢᠶᠠᠯᠠᠪᠤᠷᠢ ᠬᠢᠭᠡᠳ ᠣᠯᠠᠨ ᠲᠦᠮᠡᠨ ᠤ ᠣᠷᠭᠠᠨᠢᠭ ᠠᠭᠤᠰᠤᠯᠴᠠᠯ ᠢ | ᠪᠦᠲᠦᠮᠵᠢᠲᠡᠶ ᠴᠢᠩᠭᠠᠳᠬᠠᠵᠤ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠠᠬᠢᠭᠤᠯᠵᠤ᠂ ᠡᠶ᠎ᠡ ᠵᠣᠬᠢᠴᠠᠯ ᠲᠠᠢ | ᠨᠡᠶᠢᠭᠡᠮ ᠲᠣᠭᠤᠷᠢᠭ ᠢ ᠪᠥᠲᠥᠭᠡᠨ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠶ᠃ | ᠳᠠᠷᠠᠭᠠᠴᠢ ᠶᠢᠨ ᠠᠯᠬᠤᠮ ᠳᠤ᠂ ᠴᠢ ᠲᠠᠢ ᠪᠠᠯᠭᠠᠰᠤ ᠦᠷᠭᠦᠯᠵᠢᠯᠡᠨ ᠤᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠴᠢᠶᠠᠯᠠᠪᠤᠷᠢ ᠶᠢᠨ ᠰᠢᠨ᠎ᠡ ᠶᠢ ᠦᠷᠭᠦᠯᠵᠢᠯᠡᠨ ᠡᠭᠦᠳᠴᠦ᠂ | ᠠᠵᠢᠯᠯᠠᠭ᠎ᠠ ᠶᠢᠨ ᠬᠡᠯᠪᠡᠷᠢ ᠶᠢ ᠥᠷᠭᠡᠳᠬᠡᠵᠦ᠂ ᠨᠡᠩ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠪᠠᠷ ᠰᠠᠭᠤᠭᠠᠯᠢ | ᠠᠷᠠᠳ ᠤᠨ ᠤᠶᠤᠨ ᠰᠠᠨᠠᠭᠠᠨ ᠤ ᠭᠡᠷ ᠣᠷᠣᠨ ᠢ ᠲᠡᠭᠦᠯᠳᠡᠷᠵᠢᠭᠦᠯᠵᠦ᠂ ᠰᠢᠨ᠎ᠡ ᠦᠵᠡᠯ ᠰᠠᠨᠠᠭ᠎ᠠ᠂ ᠰᠢᠨ᠎ᠡ ᠰᠣᠶᠣᠯ᠂ | ᠰᠢᠨ᠎ᠡ ᠣᠶᠢᠯᠠᠭᠠᠭᠳᠠᠬᠤᠨ ᠢ ︽ᠡᠭᠡᠯ ᠠᠷᠠᠳ ᠤᠨ ᠭᠡᠷ ᠲᠤ ᠣᠷᠣᠭᠤᠯᠬᠤ︾ ᠪᠣᠯᠤᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |