ᠶᠠᠩ ᠸᠧᠨ ᠾᠦᠢ ᠴᠢᠦ ᠵᠢᠶᠦ᠋ᠨ ᠵᠢᠶᠧ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠤᠯᠠᠭᠠᠨᠴᠠᠪ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠯᠢᠶᠠᠨ ᠭᠦᠸᠧ ᠳ᠋ᠦᠩ ᠨᠡᠷ ᠲᠠᠢ ᠠᠵᠢᠯ ᠤᠨ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2025/3/14
    3 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠪᠣᠯᠤᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠪᠠᠩᠬᠢ ᠶᠢᠨ ᠤᠯᠠᠭᠠᠨᠴᠠᠪ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠯᠢᠶᠠᠨ ᠭᠦᠸᠧ ᠳ᠋ᠦᠩ ᠨᠠᠷ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠬᠦᠷᠢᠶ᠎ᠡ ᠪᠠᠨ ᠴᠢᠨᠠᠭᠰᠢᠳᠠ ᠥᠷᠭᠡᠳᠬᠡᠬᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠵᠦᠢᠯᠡᠰ ᠤᠨ ᠲᠤᠬᠠᠢ ᠤᠯᠤᠯᠴᠠᠭ᠎ᠠ ᠵᠣᠯᠭᠠᠯᠴᠠᠭ᠎ᠠ ᠬᠢᠪᠡ᠃    ᠶᠠᠩ ᠸᠧᠨ ᠾᠦᠢ ᠡᠩ ᠲᠡᠷᠢᠭᠦᠨ ᠳᠤ ᠯᠢᠶᠠᠨ ᠭᠦᠸᠧ ᠳ᠋ᠦᠩ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠪᠠᠩᠬᠢ ᠶᠢᠨ ᠤᠯᠠᠭᠠᠨᠴᠠᠪ ᠤᠨ ᠬᠤᠪᠢᠶᠠᠷᠢ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠱᠠᠩᠳᠤ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠱᠠᠩᠳᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠪᠠ᠃ ᠲᠡᠷᠡ᠂ ᠱᠠᠩᠳᠤ ᠶᠢᠨ ᠭᠠᠵᠠᠷ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠᠳᠤ ᠵᠤᠭᠠᠴᠠᠯ ᠤᠨ ᠦᠢᠯᠡᠰ ᠲᠤ ᠣᠷᠣᠬᠤ︾ ᠬᠠᠷᠠᠯᠲᠠ ᠶᠢ ᠲᠣᠭᠲᠠᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ᠲᠥᠮᠥᠰᠥ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠵᠢᠭᠤᠯᠴᠢᠯᠠᠯ ᠵᠡᠷᠭᠡ ᠲᠦᠷᠪᠡᠨ ᠭᠤᠣᠯᠯᠠᠬᠤ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ︽4+2︾ ᠤᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠭᠤᠣᠯᠳᠠᠯᠭ᠎ᠠ ᠲᠠᠢ ᠪᠠᠶᠢᠭᠤᠯᠵᠤ᠂ ᠡᠯ᠎ᠡ ᠵᠦᠢᠯ ᠤᠨ ᠦᠢᠯᠡᠰ ᠤᠨ ᠥᠷᠨᠢᠩᠭᠦᠢ ᠬᠥᠭᠵᠢᠯᠲᠡ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠬᠤᠶᠠᠷ ᠲᠠᠯ᠎ᠠ ᠪᠠᠷ ᠢᠶᠠᠨ ᠲᠤᠰ ᠣᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠳᠠᠪᠠᠭᠤᠯᠢᠭ ᠢᠶᠠᠨ ᠵᠣᠯᠭᠠᠭᠤᠯᠬᠤ ᠪᠠᠨ ᠴᠢᠩᠭᠠᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠡᠷᠢᠯᠬᠢᠯᠡᠵᠦ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠤᠯᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠰᠢᠨ᠎ᠡ ᠬᠠᠭᠤᠳᠠᠰᠤ ᠶᠢ ᠭᠠᠷ ᠬᠤᠯᠪᠣᠨ ᠡᠭᠦᠳᠬᠦ ᠶᠢ ᠬᠦᠰᠡᠵᠦ ᠪᠠᠶᠢᠨ᠎ᠠ ᠭᠡᠵᠡᠢ᠃    ᠴᠢᠦ ᠵᠢᠶᠦ᠋ᠨ ᠵᠢᠶᠧ ᠬᠡᠯᠡᠬᠦ ᠳᠡᠭᠡᠨ᠂ ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ ᠮᠥᠨ᠂ ᠣᠳᠣᠬᠠᠨ ᠳᠤ ᠱᠠᠩᠳᠤ ᠰᠢᠶᠠᠨ ᠤ ᠬᠥᠭᠵᠢᠯᠲᠡ ᠳᠤ ᠲᠦᠷᠭᠡᠨ ᠳᠡᠭᠡᠭᠰᠢᠯᠡᠬᠦ ᠪᠠᠶᠢᠳᠠᠯ ᠢᠯᠡᠷᠡᠵᠦ᠂ ᠬᠥᠭᠵᠢᠯᠲᠡ ᠶᠢᠨ ᠠᠯᠬᠤᠴᠠ ᠲᠦᠷᠭᠡᠳᠬᠦ ᠶᠢ ᠳᠠᠭᠠᠯᠳᠤᠨ᠂ ᠮᠥᠩᠭᠦᠨ ᠭᠦᠢᠯᠭᠡᠭᠡᠨ ᠤ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠤᠯᠠᠭᠠᠨᠴᠠᠪ ᠤᠨ ᠬᠤᠪᠢᠶᠠᠷᠢ ᠪᠠᠩᠬᠢ ᠥᠩᠭᠡᠷᠡᠭᠰᠡᠨ ᠲᠠᠢ ᠪᠠᠨ ᠠᠳᠠᠯᠢ ᠪᠠᠷ ᠱᠠᠩᠳᠤ ᠶᠢᠨ ᠬᠥᠭᠵᠢᠯᠲᠡ ᠶᠢ ᠬᠠᠯᠠᠮᠵᠢᠯᠠᠵᠤ᠂ ᠰᠢᠨ᠎ᠡ ᠬᠠᠮᠲᠤᠷᠠᠯᠴᠠᠭᠠᠨ ᠤ ᠬᠦᠷᠢᠶ᠎ᠡ ᠶᠢ ᠨᠡᠭᠡᠭᠡᠵᠦ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠰᠢᠨ᠎ᠡ ᠶᠢ ᠡᠭᠦᠳᠴᠦ᠂ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠭᠡ ᠪᠠᠨ ᠴᠢᠩᠭᠠᠳᠬᠠᠵᠤ ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠬᠦᠷᠢᠶᠡᠨ ᠳᠤ ᠱᠠᠩᠳᠤ ᠰᠢᠶᠠᠨ ᠳᠤ ᠨᠡᠩ ᠤᠯᠠᠨ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ᠂ ᠨᠡᠩ ᠤᠯᠠᠨ ᠮᠥᠩᠭᠦᠨ ᠭᠦᠢᠯᠭᠡᠭᠡᠨ ᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃    ᠯᠢᠶᠠᠨ ᠭᠦᠸᠧ ᠳ᠋ᠦᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠤᠯᠠᠭᠠᠨᠴᠠᠪ ᠤᠨ ᠬᠤᠪᠢᠶᠠᠷᠢ ᠪᠠᠩᠬᠢ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠱᠠᠩᠳᠤ ᠰᠢᠶᠠᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠬᠠᠨᠳᠤᠰᠢ ᠰᠠᠶᠢᠨ᠂ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠱᠠᠩᠳᠤ ᠰᠢᠶᠠᠨ ᠤ ᠬᠥᠭᠵᠢᠯᠲᠡ ᠶᠢᠨ ᠪᠣᠳᠠᠲᠤ ᠪᠠᠶᠢᠳᠠᠯ ᠪᠠ ᠬᠡᠷᠡᠭᠴᠡᠭᠡ ᠶᠢᠨ ᠲᠣᠭᠤᠷᠢᠨ ᠳᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠮᠥᠩᠭᠦᠨ ᠭᠦᠢᠯᠭᠡᠭᠡᠨ ᠤ ᠦᠢᠯᠡᠳᠬᠦᠨ ᠪᠠ ᠰᠢᠨ᠎ᠡ ᠶᠢ ᠡᠭᠦᠳᠬᠦ ᠦᠢᠯᠡᠴᠢᠯᠡᠭᠡ ᠬᠠᠩᠭᠠᠵᠤ᠂ ᠱᠠᠩᠳᠤ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ ᠭᠡᠵᠦ ᠬᠡᠯᠡᠪᠡ᠃    ᠯᠸᠢ ᠭᠦᠸᠧ ᠫᠢᠩ᠂ ᠶᠤᠸᠠᠨ ᠬᠠᠢ ᠬᠤᠩ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2