ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ | 3 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠱᠠᠩᠳᠤ ᠰᠢᠶᠠᠨ ᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ | ᠬᠤᠷᠠᠯᠳᠤᠭᠤᠯᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠠᠷᠪᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠯᠦᠸᠧ ᠵᠢᠶᠦ᠋ᠨ ᠶᠤᠸᠠᠨ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠲᠣᠭᠤᠷᠢᠨ | ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠵᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠦᠩ ᠬᠤᠷᠠᠯ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠤ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠣᠪᠣᠷ ᠢᠶᠠᠨ ᠢᠯᠡᠳᠬᠡᠬᠦ | ᠶᠠᠷᠢᠶ᠎ᠠ ᠲᠠᠯᠪᠢᠪᠠ᠃ | ᠯᠦᠸᠧ ᠵᠢᠶᠦ᠋ᠨ ᠶᠤᠸᠠᠨ ᠴᠢᠬᠤᠯᠠᠴᠢᠯᠠᠬᠤ ᠳᠤ ᠪᠠᠨ᠂ ᠲᠣᠭᠤᠷᠢᠨ ᠪᠠᠶᠢᠴᠠᠭᠠᠬᠤ ᠪᠣᠯ ᠨᠠᠮ ᠤᠨ ᠲᠦᠷᠢᠮ ᠠᠴᠠ | ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠃ ᠱᠠᠩᠳᠤ ᠰᠢᠶᠠᠨ ᠳᠤ ᠲᠣᠭᠤᠷᠢᠨ ᠪᠠᠶᠢᠴᠠᠭᠠᠯᠲᠠ | ᠥᠷᠨᠢᠭᠦᠯᠬᠦ ᠪᠣᠯ ᠲᠤᠰ ᠭᠠᠵᠠᠷ ᠣᠷᠣᠨ ᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ | ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ ᠴᠢᠬᠤᠯᠠ ᠠᠷᠭ᠎ᠠ ᠬᠡᠮᠵᠢᠶ᠎ᠡ | ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠥᠷᠨᠢᠭᠦᠯᠬᠦ ᠴᠢᠬᠤᠯᠠ ᠠᠷᠭ᠎ᠠ ᠬᠡᠮᠵᠢᠶ᠎ᠡ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠱᠠᠩᠳᠤ ᠰᠢᠶᠠᠨ ᠲᠣᠭᠤᠷᠢᠨ ᠪᠠᠶᠢᠴᠠᠭᠠᠬᠤ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠲᠠᠯᠪᠢᠬᠤ ᠶᠢ ᠬᠦᠯᠢᠶᠡᠬᠦ ᠤᠬᠠᠮᠰᠠᠷᠲᠤ ᠴᠢᠨᠠᠷ ᠪᠣᠯᠤᠨ | ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ | ᠯᠦᠸᠧ ᠵᠢᠶᠦ᠋ᠨ ᠶᠤᠸᠠᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠵᠢᠴᠢ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ | ᠭᠦᠢᠴᠡᠳᠬᠡᠬᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ | ᠨᠠᠶᠢᠳᠠᠪᠤᠷᠢᠵᠢᠭᠤᠯᠤᠭᠰᠠᠨ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠱᠠᠩᠳᠤ | ᠰᠢᠶᠠᠨ ᠤ ᠡᠯ᠎ᠡ ᠵᠦᠢᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠣᠯᠤᠨ ᠬᠦᠷᠦᠯᠴᠡᠬᠦ ᠦᠭᠡᠢ | ᠲᠠᠯ᠎ᠠ ᠶᠢ ᠬᠦᠴᠦᠯᠡᠨ ᠡᠷᠢᠪᠡ ᠭᠡᠵᠦ ᠢᠯᠡᠳᠬᠡᠪᠡ᠃ ᠱᠠᠩᠳᠤ ᠰᠢᠶᠠᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠠᠵᠢᠯ ᠳᠤ ᠳᠡᠮᠵᠢᠨ ᠬᠠᠮᠵᠢᠯᠴᠠᠵᠤ᠂ ᠠᠳᠠᠯᠢ ᠰᠡᠳᠦᠪ ᠢᠶᠠᠷ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ | ᠡᠭᠦᠷᠭᠡ ᠪᠠᠨ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠯᠢ ᠶᠦᠩ ᠶᠠᠷᠢᠶᠠᠨ ᠳᠠᠭᠠᠨ᠂ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ | ᠭᠦᠢᠴᠡᠳ ᠲᠠᠨᠢᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠶᠢ ︽ | ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠠᠢ | ᠠᠵᠢᠯᠯᠠᠭ᠎ᠠ ᠪᠣᠯᠭᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠪᠦᠬᠦ ᠬᠦᠴᠦᠨ ᠢᠶᠠᠷ ᠢᠶᠠᠨ | ᠳᠡᠮᠵᠢᠨ ᠬᠠᠮᠵᠢᠯᠴᠠᠵᠤ᠂ ᠠᠳᠠᠯᠢ ᠰᠡᠳᠦᠪ ᠢᠶᠠᠷ ᠬᠠᠮᠲᠤᠪᠠᠷ ᠬᠠᠷᠢᠭᠤᠯᠬᠤ ᠶᠢ ᠪᠠᠷᠢᠮᠲᠠᠯᠠᠵᠤ᠂ ᠠᠰᠠᠭᠤᠳᠠᠯ ᠢ | ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠲᠣᠭᠤᠷᠢᠨ ᠪᠠᠶᠢᠴᠠᠭᠠᠬᠤ | ᠠᠵᠢᠯ ᠤᠨ ᠪᠣᠳᠠᠲᠠᠢ ᠦᠷ᠎ᠡ ᠪᠦᠲᠦᠮᠵᠢ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠬᠡᠵᠡᠢ᠃ | ᠶᠠᠩ ᠸᠧᠨ ᠾᠦᠢ᠂ ᠱᠠᠩᠳᠤ ᠰᠢᠶᠠᠨ ᠤ ᠨᠠᠮ ᠤᠨ ᠬᠤᠷᠢᠶ᠎ᠠ ᠲᠣᠭᠤᠷᠢᠨ ᠪᠠᠶᠢᠴᠠᠭᠠᠯᠲᠠ ᠶᠢ ᠬᠦᠯᠢᠶᠡᠬᠦ ᠶᠢ ︽ | ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠴᠢᠬᠤᠯᠠ ᠢᠯᠡᠷᠡᠯ ᠪᠣᠯᠭᠠᠵᠤ᠂ ᠡᠷᠡᠰ ᠪᠠᠲᠤ ᠤᠯᠤᠰ ᠲᠦᠷᠦ ᠶᠢᠨ | ᠵᠣᠭᠰᠣᠯᠲᠠ ᠪᠠᠷ ᠲᠣᠭᠤᠷᠢᠨ ᠪᠠᠶᠢᠴᠠᠭᠠᠯᠲᠠ ᠶᠢᠨ ᠬᠢᠨᠠᠯᠲᠠ ᠶᠢ ᠬᠦᠯᠢᠶᠡᠵᠦ᠂ ᠳᠡᠭᠡᠳᠦ ᠬᠡᠮᠵᠢᠶᠡᠨ ᠤ ᠤᠯᠤᠰ | ᠲᠦᠷᠦ ᠶᠢᠨ ᠤᠬᠠᠮᠰᠠᠷ ᠢᠶᠠᠷ ᠲᠣᠭᠤᠷᠢᠨ ᠪᠠᠶᠢᠴᠠᠭᠠᠯᠲᠠ ᠶᠢᠨ ᠠᠵᠢᠯ ᠳᠤ ᠬᠠᠮᠵᠢᠯᠴᠠᠵᠤ᠂ ᠪᠠᠲᠤ ᠴᠢᠩᠭ᠎ᠠ ᠤᠯᠤᠰ | ᠲᠦᠷᠦ ᠶᠢᠨ ᠡᠭᠦᠷᠭᠡᠯᠡᠯ ᠢᠶᠠᠷ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ | ᠂ ᠲᠣᠭᠤᠷᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠡᠯ᠎ᠡ | ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠬᠦᠨ᠂ ᠱᠠᠩᠳᠤ ᠰᠢᠶᠠᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ | ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠣᠯ | ᠬᠠᠷᠢᠭᠤᠴᠠᠯᠭᠠᠲᠠᠨ᠂ ᠰᠠᠯᠠᠭᠠᠨ ᠲᠡᠰ ᠠᠴᠠ ᠳᠡᠭᠡᠭᠰᠢᠬᠢ ᠺᠠᠳ᠋ᠷ ᠬᠤᠷᠠᠯ ᠳᠤ ᠰᠤᠯᠠ ᠣᠷᠣᠯᠴᠠᠪᠠ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ | ᠤᠲᠠᠰᠤ ᠲᠣᠬᠢᠷᠠᠭᠤᠯᠪᠠ᠄ 0474 - 6919916᠂ ᠡᠳᠦᠷ ᠪᠦᠷᠢ ᠶᠢᠨ ᠤᠳᠠᠰᠤ ᠭᠥᠯᠢᠶᠡᠨ ᠠᠪᠬᠤ ᠴᠠᠭ ᠨᠢ | 8᠄ 00 ᠠᠴᠠ 18᠄ 00︔ ᠰᠢᠦᠳᠠᠨ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠱᠠᠩᠳᠤ ᠰᠢᠶᠠᠨ ᠤ A705 ᠨᠣᠮᠧᠷᠲᠤ ᠰᠢᠤᠳᠠᠨ ᠤ ᠵᠠᠬᠢᠳᠠᠯ ᠤᠨ ᠬᠠᠶᠢᠷᠴᠠᠭ︔ ᠡᠯᠧᠺᠳ᠋ᠷᠣᠨ ᠵᠠᠬᠢᠳᠠᠯ ᠤᠨ | ᠬᠠᠶᠢᠷᠴᠠᠭ᠄ xunshizu1003@163.com᠃ ᠡᠭᠦᠨ ᠤ ᠬᠠᠮᠲᠤ᠂ ᠱᠠᠩᠳᠤ ᠰᠢᠶᠠᠨ ᠤ ᠨᠠᠮ ᠵᠠᠰᠠᠭ ᠤᠨ | ᠲᠣᠮᠣ ᠠᠰᠠᠷ ᠤᠨ ᠵᠡᠭᠦᠨ ᠳᠠᠭᠠᠯᠲᠠ ᠠᠰᠠᠷ ᠤᠨ ᠵᠡᠭᠦᠨ ᠲᠠᠯ᠎ᠠ ᠳᠤ᠂ ᠰᠢᠶᠠᠩ ᠾᠧ ᠠᠭᠤᠳᠠᠮ ᠲᠠᠯᠠᠪᠠᠶ ᠶᠢᠨ ᠵᠡᠭᠦᠨ | ᠲᠠᠯ᠎ᠠ ᠶᠢᠨ ᠠᠮᠢ ᠨᠠᠰᠤᠨ ᠤ ᠳᠠᠭᠠᠳᠬᠠᠯ ᠤᠨ ᠺᠣᠮᠫᠠᠨᠢ ᠶᠢᠨ ᠡᠭᠦᠳᠡᠨ ᠳᠤ᠂ ᠽᠢ ᠢᠦᠶ ᠪᠠᠭᠤᠳᠠᠯ ᠤᠨ ᠠᠷᠤ | ᠬᠦᠷᠢᠶᠡᠨ ᠤ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠠᠰᠤᠭ ᠨᠢ ᠬᠠᠷᠢᠯᠴᠠᠬᠤ ᠵᠠᠬᠢᠳᠠᠯ ᠤᠨ ᠬᠠᠶᠢᠷᠴᠠᠭ | ᠭᠠᠷᠭᠠᠵᠤ᠂ ︽ᠺᠣᠳ᠋ ᠳᠡᠭᠡᠷ᠎ᠡ ᠴᠠᠭᠳᠠᠬᠤ︾ ᠨᠠᠭᠠᠵᠠᠶ᠃ ᠲᠣᠭᠤᠷᠢᠨ ᠪᠠᠶᠢᠴᠠᠭᠠᠬᠤ ᠳᠤᠭᠤᠶᠢᠯᠠᠩ ᠭᠤᠣᠯᠳᠠᠭᠤ | ᠱᠠᠩᠳᠤ ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ | ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠤᠨ ᠴᠢᠬᠤᠯᠠ ᠠᠵᠢᠯ ᠤᠨ | ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠭ᠎ᠠ ᠶᠢ ᠬᠦᠯᠢᠶᠡᠨ | ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ | ᠪᠠᠲᠤ᠂ ᠠᠵᠢᠯ ᠤᠨ ᠰᠠᠬᠢᠯᠭ᠎ᠠ ᠪᠠᠲᠤ ᠪᠣᠯᠤᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ | ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ | ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ | ᠰᠢᠢᠳᠪᠦᠷᠢᠯᠡᠭᠦᠯᠦᠨ᠎ᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ | ᠰᠢᠢᠳᠪᠦᠷᠢᠯᠡᠬᠦ ᠴᠠᠭ ᠨᠢ 2025 ᠣᠨ ᠤ 4 ᠰᠠᠷ᠎ᠠ ᠶᠢᠨ 25 ᠤ ᠡᠳᠦᠷ ᠪᠣᠯᠲᠠᠯ᠎ᠠ ᠦᠷᠭᠦᠯᠵᠢᠯᠡᠨ᠎ᠡ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |