ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠬᠤ ᠶᠢᠨ | ᠲᠥᠯᠥᠭᠡ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠶᠢ ᠴᠢᠩᠭ᠎ᠠ ᠬᠢᠵᠠᠭᠠᠷᠯᠠᠵᠤ᠂ ᠴᠠᠭᠠᠨᠨᠠᠭᠤᠷ ᠤᠨ ᠰᠠᠪᠠ | ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠨᠠᠷ ᠰᠠᠶᠢᠲᠠᠶ ᠠᠬᠢᠭᠤᠯᠤᠨ᠎ᠠ᠃ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ | ᠪᠠᠶᠠᠯᠢᠭ ᠤᠨ ᠵᠠᠷᠤᠳᠠᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ︽ᠭᠠᠵᠠᠷ ᠳᠣᠤᠷᠠᠬᠢ ᠤᠰᠤᠨ ᠤ | ᠬᠠᠮᠢᠶᠠᠷᠤᠯᠲᠠ ᠶᠢᠨ ᠲᠦᠷᠢᠮ︾ ︽ᠤᠰᠤ ᠶᠢ ᠠᠷᠪᠢᠯᠠᠨ ᠬᠡᠷᠡᠭᠯᠡᠬᠦ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠣᠨᠴᠠᠭᠠᠶᠢᠯᠠᠨ ᠪᠥᠬᠦ ᠰᠢᠶᠠᠨ ᠤ ᠬᠡᠪᠴᠢᠶᠡᠨ ᠳᠤ ᠭᠠᠵᠠᠷ ᠳᠣᠤᠷᠠᠬᠢ | ᠤᠰᠤ ᠶᠢ ᠬᠠᠤᠯᠢ ᠪᠤᠰᠤ ᠪᠠᠷ ᠲᠠᠲᠠᠵᠤ ᠬᠡᠷᠡᠭᠯᠡᠬᠦ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠥᠷᠨᠢᠭᠦᠯᠪᠡ᠃ | ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠬᠤᠳᠳᠤᠭ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠤᠰᠤᠨ ᠰᠤᠷᠪᠤᠯᠵᠢ ᠶᠢᠨ ᠬᠤᠳᠳᠤᠭ᠂ ᠭᠠᠯ ᠤᠨᠲᠠᠷᠠᠭᠠᠬᠤ ᠬᠤᠳᠳᠤᠭ᠂ ᠰᠠᠭᠤᠭᠠᠯᠢ ᠠᠷᠠᠳ ᠤᠨ ᠠᠮᠢᠳᠤᠷᠠᠯ ᠤᠨ | ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠳᠳᠤᠭ ᠠᠴᠠ ᠭᠠᠳᠠᠨ᠎ᠠ᠂ ᠤᠰᠤ ᠠᠪᠬᠤ ᠵᠥᠪᠰᠢᠶᠡᠷᠡᠯ ᠦᠭᠡᠢ | ᠭᠠᠷ ᠭᠦᠢᠴᠡᠳᠬᠡᠯ ᠦᠭᠡᠢ ᠤᠰᠤ ᠠᠪᠬᠤ ᠬᠤᠳᠳᠤᠭ ᠢ ᠡᠷᠬᠡᠪᠰᠢ 2025 ᠣᠨ ᠤ 4 ᠳ᠋ᠦ᠋ᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ ᠥᠪᠡᠰᠦᠪᠡᠨ ᠪᠢᠲᠡᠭᠦᠮᠵᠢᠯᠡᠨ᠎ᠡ᠂ ᠡᠰᠡ ᠲᠡᠭᠡᠪᠡᠯ ᠪᠠᠶᠢᠴᠠᠭᠠᠨ ᠲᠣᠳᠣᠯᠠᠭᠰᠠᠨ ᠤ ᠳᠠᠷᠠᠭ᠎ᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ | ᠳᠦᠷᠢᠮ︾ ᠤᠨ ᠳᠥᠴᠢᠳᠦᠭᠡᠷ ᠵᠦᠢᠯ ᠤᠨ ᠲᠣᠭᠲᠠᠭᠠᠯ ᠶᠣᠰᠣᠭᠠᠷ 2 ᠲᠦᠮᠡᠨ ᠲᠥᠭᠦᠷᠢᠭ ᠠᠴᠠ ᠳᠡᠭᠡᠭᠰᠢ 10 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠮᠠᠰᠢᠨ ᠴᠠᠬᠢᠯᠭᠠᠨ ᠬᠤᠳᠳᠤᠭ ᠢ ᠪᠢᠲᠡᠭᠦᠮᠵᠢᠯᠡᠨ | ᠪᠥᠭᠯᠡᠬᠦ ᠳᠤ ᠬᠡᠷᠡᠭᠰᠡᠬᠦ ᠵᠠᠷᠤᠳᠠᠯ ᠢ ᠪᠦᠬᠦᠨ ᠢ ᠬᠠᠤᠯᠢ ᠶᠢ ᠵᠥᠷᠢᠴᠡᠭᠴᠢ ᠡᠭᠦᠷᠭᠡᠯᠡᠨ᠎ᠡ᠃ | ᠬᠤᠶᠠᠷ᠂ ᠮᠠᠰᠢᠨ ᠴᠠᠬᠢᠯᠭᠠᠨ ᠬᠤᠳᠳᠤᠭ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠳᠠᠯᠠᠵᠤ᠂ ᠪᠦᠬᠦ | ᠰᠢᠶᠠᠨ ᠤ ᠬᠡᠪᠴᠢᠶᠡᠨ ᠳᠤ ᠰᠢᠨ᠎ᠡ ᠪᠠᠷ ᠴᠣᠬᠢᠬᠤ᠂ ᠮᠠᠰᠢᠨ ᠴᠠᠬᠢᠯᠭᠠᠨ ᠬᠤᠳᠳᠤᠭ ᠢ ᠨᠥᠬᠦᠵᠦ ᠮᠠᠯᠲᠠᠬᠤ ᠶᠢ | ᠴᠢᠩᠭ᠎ᠠ ᠴᠠᠭᠠᠵᠠᠯᠠᠬᠤ ᠪᠤᠶᠤ ᠤᠰᠤ ᠬᠠᠳᠠᠭᠠᠯᠠᠬᠤ ᠴᠥᠭᠦᠷᠥᠮ ᠪᠠᠶᠢᠭᠤᠯᠬᠤ ᠵᠡᠷᠭᠡ ᠥᠭᠡᠷᠡᠴᠢᠯᠡᠵᠦ ᠥᠷᠭᠡᠳᠬᠡᠨ | ᠪᠠᠶᠢᠭᠤᠯᠬᠤ ᠪᠠᠷᠢᠯᠭ᠎ᠠ ᠶᠢᠨ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠤᠰᠤᠯᠠᠯᠲᠠ ᠶᠢᠨ ᠲᠠᠯᠠᠪᠠᠢ ᠶᠢ | ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠴᠢᠬᠤᠯᠠᠲᠠᠢ ᠨᠢᠭᠡᠴᠢ ᠪᠠ | ᠤᠰᠤ ᠬᠡᠷᠡᠭᠯᠡᠭᠴᠢ ᠡᠷᠬᠡᠪᠰᠢ ᠰᠢᠶᠠᠨ ᠤ ᠤᠰᠤᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ | ᠣᠴᠢᠵᠤ ᠤᠰᠤ ᠠᠪᠬᠤ ᠵᠥᠪᠰᠢᠶᠡᠷᠡᠯ ᠤᠨ ᠭᠠᠷ ᠭᠦᠢᠴᠡᠳᠬᠡᠯ ᠬᠢᠬᠦ ᠬᠡᠷᠡᠭᠲᠡᠢ᠃ ᠤᠰᠤ ᠠᠪᠬᠤ ᠵᠥᠪᠰᠢᠶᠡᠷᠡᠯ ᠤᠨ | ᠭᠠᠷᠳᠠᠮ ᠢ ᠭᠦᠢᠴᠡᠳᠬᠡᠭᠰᠡᠨ ᠦᠭᠡᠢ ᠪᠠᠷ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠭᠰᠡᠨ ᠪᠠᠶᠢᠪᠠᠯ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ | ︾ ᠤᠨ ᠭᠤᠴᠢᠨ ᠨᠠᠢᠮᠠᠳᠤᠭᠠᠷ ᠵᠦᠢᠯ ᠤᠨ ᠲᠣᠭᠲᠠᠭᠠᠯ ᠶᠣᠰᠣᠭᠠᠷ 5 ᠲᠦᠮᠡᠨ ᠲᠥᠭᠦᠷᠢᠭ ᠠᠴᠠ ᠳᠡᠭᠡᠭᠰᠢ 10 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠭᠤᠷᠪᠠ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠳᠤ ᠠᠮᠢᠳᠤᠷᠠᠯ ᠤᠨ ᠬᠡᠷᠡᠭᠯᠡᠬᠦ ᠵᠦᠢ | ᠵᠣᠬᠢᠰᠲᠠᠶ ᠰᠢᠨ᠎ᠡ ᠪᠠᠷ ᠨᠡᠮᠡᠭᠳᠡᠭᠦᠯᠬᠦ ᠠᠴᠠ ᠭᠠᠳᠠᠨ᠎ᠠ᠂ ᠤᠰᠤ ᠲᠠᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠯ | ᠬᠢᠬᠦ ᠶᠢ ᠵᠣᠭᠰᠣᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ | ᠬᠠᠮᠠᠭᠠᠯᠠᠬᠤ ᠪᠠ ᠬᠠᠮᠢᠶᠠᠷᠬᠤ ᠳᠦᠷᠢᠮ︾ ᠤᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠭᠠᠵᠠᠷ ᠳᠣᠤᠷᠠᠬᠢ | ᠤᠰᠤ ᠪᠠᠷ ᠤᠰᠤ ᠲᠠᠲᠠᠬᠤ ᠬᠤᠳᠳᠤᠭ ᠢ ᠰᠢᠨ᠎ᠡ ᠪᠠᠷ ᠨᠡᠮᠡᠵᠦ ᠪᠣᠯᠬᠤ ᠦᠭᠡᠶ᠃ | ᠳᠥᠷᠪᠡ᠂ ᠤᠰᠤ ᠠᠪᠬᠤ ᠵᠥᠪᠰᠢᠶᠡᠷᠡᠯ ᠤᠨ ᠭᠠᠷ ᠭᠦᠢᠴᠡᠳᠬᠡᠯ ᠢ ᠣᠯᠤᠭᠰᠠᠨ ᠤᠰᠤ ᠬᠡᠷᠡᠭᠯᠡᠬᠦ ᠡᠷᠦᠬᠡ ᠤᠰᠤ | ᠠᠪᠬᠤ ᠬᠡᠮᠵᠢᠶ᠎ᠡ ᠪᠠ ᠤᠰᠤ ᠠᠪᠬᠤ ᠬᠡᠷᠡᠭᠴᠡᠭᠡ ᠵᠡᠷᠭᠡ ᠤᠰᠤ ᠠᠪᠬᠤ ᠵᠥᠪᠰᠢᠶᠡᠷᠡᠯ ᠤᠨ ᠦᠨᠡᠮᠯᠡᠯ ᠳᠤ | ᠲᠣᠳᠣᠷᠬᠠᠶᠢᠯᠠᠭᠰᠠᠨ ᠵᠦᠢᠯᠡᠰ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠠᠵᠤ ᠠᠬᠤᠶᠢᠯᠠᠯ ᠪᠤᠶᠤ | ᠠᠮᠢᠳᠤᠷᠠᠯ ᠤᠨ ᠪᠤᠰᠤ ᠬᠡᠷᠡᠭᠯᠡᠬᠦ ᠤᠰᠤᠨ ᠳᠤ ᠳᠤᠷ᠎ᠠ ᠪᠠᠷ ᠢᠶᠠᠨ ᠭᠠᠵᠠᠷ ᠳᠣᠣᠷᠠᠬᠢ ᠤᠰᠤ ᠶᠢ ᠰᠢᠯᠵᠢᠭᠦᠯᠦᠨ | ᠬᠠᠩᠭᠠᠬᠤ ᠶᠢ ᠴᠠᠭᠠᠵᠠᠯᠠᠵᠤ᠂ ᠣᠯᠵᠤ ᠮᠡᠳᠡᠪᠡᠯ ᠤᠰᠤ ᠠᠪᠬᠤ ᠵᠥᠪᠰᠢᠶᠡᠷᠡᠯ ᠢ ᠬᠤᠷᠢᠶᠠᠨ ᠠᠪᠴᠤ ᠬᠦᠴᠦᠨ ᠦᠭᠡᠢ | ᠪᠣᠯᠭᠠᠨ᠎ᠠ᠃ ᠡᠭᠦᠨ ᠤ ᠬᠠᠮᠲᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ | ᠶᠢᠨ 69 ᠳ᠋ᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ 2 ᠲᠦᠮᠡᠨ ᠲᠥᠭᠦᠷᠢᠭ ᠠᠴᠠ ᠳᠡᠭᠡᠭᠰᠢ 10 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠲᠠᠪᠤ᠂ ᠬᠤᠳᠳᠤᠭ ᠥᠷᠥᠮᠳᠡᠬᠦ ᠪᠠᠷᠢᠯᠭ᠎ᠠ ᠪᠠᠷᠢᠬᠤ ᠨᠢᠭᠡᠴᠡ ︵ᠬᠤᠪᠢ ᠬᠥᠮᠦᠨ︶ ᠬᠤᠳᠳᠤᠭ ᠥᠷᠥᠮᠳᠡᠬᠦ | ᠲᠤᠬᠠᠶᠢᠯᠠᠭᠰᠠᠨ ᠠᠵᠢᠯ ᠢ ᠳᠠᠭᠠᠭᠠᠴᠢᠯᠠᠬᠤ ᠳᠤ᠂ ᠥᠮᠴᠢᠲᠡᠨ ᠡᠷᠬᠡᠪᠰᠢ ᠬᠤᠳᠳᠤᠭ ᠥᠷᠥᠮᠳᠡᠬᠦ ᠶᠢ ᠬᠢᠨᠠᠨ | ᠵᠥᠪᠰᠢᠶᠡᠷᠡᠭᠦᠯᠬᠦ ᠭᠠᠷᠳᠠᠮ ᠲᠤᠰᠢᠶᠠᠭᠰᠠᠨ ᠤ ᠳᠠᠷᠠᠭ᠎ᠠ ᠰᠠᠶ᠋ᠢ ᠪᠠᠷᠢᠯᠭ᠎ᠠ ᠪᠠᠷᠢᠵᠤ ᠪᠣᠯᠤᠨ᠎ᠠ᠃ ᠥᠮᠴᠢᠲᠡᠨ ᠬᠤᠳᠳᠤᠭ | ᠥᠷᠥᠮᠳᠡᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠲᠤᠰᠢᠶᠠᠭᠰᠠᠨ ᠦᠭᠡᠶ ᠳᠤᠷ᠎ᠠ ᠪᠠᠷ ᠢᠶᠠᠨ ᠪᠠᠷᠢᠯᠭ᠎ᠠ ᠪᠠᠷᠢᠭᠰᠠᠨ | ᠬᠤᠳᠳᠤᠭ ᠥᠷᠥᠮᠳᠡᠬᠦ ᠪᠠᠷᠢᠯᠭ᠎ᠠ ᠪᠠᠷᠢᠬᠤ ᠨᠢᠭᠡᠴᠡ ︵ᠬᠤᠪᠢ ᠬᠥᠮᠦᠨ︶ ᠶᠢ ᠬᠠᠤᠯᠢ ᠶᠣᠰᠣᠭᠠᠷ ᠴᠢᠩᠭ᠎ᠠ | ᠪᠠᠶᠢᠴᠠᠭᠠᠨ ᠰᠢᠶ᠋ᠳᠪᠦᠷᠢᠯᠡᠬᠦ ᠶᠢᠨ ᠬᠠᠮᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ | ᠬᠠᠤᠯᠢ︾ ᠶᠢᠨ ᠵᠢᠷᠠᠨ ᠲᠠᠪᠤᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ 1 | ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠵᠢᠷᠭᠤᠭ᠎ᠠ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠤᠰᠤ ᠠᠪᠬᠤ ᠵᠥᠪᠰᠢᠶᠡᠷᠡᠯ ᠦᠭᠡᠶ ᠭᠠᠷ ᠭᠦᠢᠴᠡᠳᠬᠡᠯ | ᠦᠭᠡᠶ ᠤᠰᠤᠨ ᠬᠤᠳᠳᠤᠭ ᠲᠤ ᠤᠰᠤ ᠠᠪᠬᠤ ᠴᠠᠬᠢᠯᠭᠠᠨ ᠬᠦᠴᠦᠨ ᠤ ᠪᠡᠯᠡᠳᠬᠡᠮᠵᠢ ᠶᠢ ᠢᠵᠢ ᠪᠦᠷᠢᠳᠦᠭᠦᠯᠦᠨ | ᠥᠭᠴᠦ ᠪᠣᠯᠬᠤ ᠦᠭᠡᠶ᠂ ᠡᠭᠦᠨ ᠳᠤ ᠨᠡᠮᠡᠭᠳᠡᠭᠦᠯᠬᠦ ︵ᠥᠷᠭᠡᠳᠬᠡᠬᠦ︶ ᠪᠠᠭᠲᠠᠭᠠᠮᠵᠢ ᠪᠣᠯᠤᠨ ᠬᠡᠯᠬᠢᠶ᠎ᠡ ᠶᠢ | ᠥᠭᠡᠷᠡᠴᠢᠯᠡᠬᠦ ᠪᠠᠭᠲᠠᠨ᠎ᠠ᠃ ᠳᠤᠷ᠎ᠠ ᠪᠠᠷ ᠢᠶᠠᠨ ᠴᠠᠬᠢᠯᠭᠠᠨ ᠬᠦᠴᠦᠨ ᠬᠠᠩᠭᠠᠭᠰᠠᠨ ᠪᠣᠯ ᠬᠠᠮᠢᠶ᠎ᠠ ᠪᠦᠬᠦᠢ ᠨᠢᠭᠡᠴᠡ | ᠪᠤᠶᠤ ᠬᠤᠪᠢ ᠬᠥᠮᠦᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |