3 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠢᠦ | ᠵᠢᠶᠦ᠋ᠨ ᠵᠢᠶᠧ 2025 ᠣᠨ ᠤ ᠨᠢᠭᠡᠳᠦᠭᠡᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ 2025 ᠣᠨ ᠤ ︽ᠵᠢᠷᠭᠤᠭᠠᠨ ᠠᠵᠢᠯᠯᠠᠭ᠎ᠠ︾᠂ ︽ᠵᠢᠷᠭᠤᠭᠠᠨ | ᠢᠨᠵᠧᠨᠧᠷᠢᠩ︾ ᠪᠠ ︽ᠲᠠᠪᠤᠨ ᠶᠡᠭᠡ ᠡᠭᠦᠷᠭᠡ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃ | ᠬᠤᠷᠠᠯ ᠠᠴᠠ᠂ ︽ᠵᠢᠷᠭᠤᠭᠠᠨ ᠠᠵᠢᠯᠯᠠᠭ᠎ᠠ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠥᠪᠥᠷ ᠮᠣᠩᠭᠤᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠴᠢᠬᠤᠯᠠ ᠲᠤᠯᠭᠠᠭᠤᠷᠢᠯᠠᠯ ᠪᠣᠯᠤᠨ᠎ᠠ᠂ ᠡᠨᠡ ᠪᠣᠯ | ᠤᠯᠤᠰ ᠲᠦᠷᠦ ᠶᠢᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ ᠴᠤ ᠬᠥᠭᠵᠢᠯᠲᠡ ᠶᠢᠨ ᠢᠨᠵᠧᠨᠧᠷᠢᠩ | ᠪᠣᠯᠤᠨ᠎ᠠ᠂ ᠨᠡᠩ ᠴᠤ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠡᠨᠡᠬᠦ | ︽ᠤᠳᠠᠭᠠᠰᠢᠷᠠᠭᠤᠯᠵᠤ ᠪᠣᠯᠬᠤ ᠦᠭᠡᠢ︾ ᠭᠡᠬᠦ ᠲᠤᠯᠭᠠᠮ᠎ᠠ ᠰᠡᠳᠬᠢᠯᠭᠡ ᠪᠣᠯᠤᠨ ︽ᠰᠠᠭᠤᠵᠤ ᠳᠡᠶᠢᠯᠬᠦ ᠦᠭᠡᠢ︾ | ᠬᠠᠷᠢᠭᠤᠴᠠᠯᠭᠠᠲᠤ ᠰᠡᠳᠬᠢᠯᠭᠡ ᠶᠢ ᠪᠠᠷᠢᠮᠲᠠᠯᠠᠵᠤ᠂ ︽ᠵᠢᠷᠭᠤᠭᠠᠨ ᠠᠵᠢᠯᠯᠠᠭ᠎ᠠ︾ ᠶᠢ ᠴᠢᠩᠭ᠎ᠠ ᠱᠠᠭᠠᠷᠳᠠᠨ | ᠡᠬᠢᠯᠡᠭᠦᠯᠵᠦ᠂ ᠲᠦᠷᠭᠡᠨ ᠬᠥᠳᠡᠯᠦᠯᠴᠡᠵᠦ᠂ ᠥᠨᠳᠥᠷ ᠪᠠᠷᠢᠮᠵᠢᠶ᠎ᠠ ᠪᠠᠷ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠢ᠃ | ᠬᠤᠷᠠᠯ ᠠᠴᠠ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ ᠳᠤ᠂ ᠨᠢᠳᠤᠨᠤᠨ ᠤ ᠦᠷ᠎ᠡ | ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠪᠠᠷ ᠪᠠᠷᠠᠬᠤ ᠦᠭᠡᠢ ᠪᠠᠰᠠ ᠰᠢᠨ᠎ᠡ ᠡᠭᠦᠷᠭᠡ ᠪᠠᠨ ᠰᠠᠶᠢᠲᠤᠷ ᠬᠡᠷᠡᠭᠵᠢᠭᠦᠯᠵᠦ᠂ | ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ 2024 ᠣᠨ ᠳᠤ ᠮᠠᠨ ᠤ ᠰᠢᠶᠠᠨ | ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠮᠠᠰᠢ ᠰᠠᠶᠢᠨ ᠠᠮᠵᠢᠯᠲᠠ ᠣᠯᠵᠤ᠂ ᠡᠨᠡ ᠵᠢᠯ ᠴᠢᠷᠮᠠᠶᠢᠭᠰᠠᠨ | ᠳᠡᠭᠡᠷ᠎ᠡ ᠪᠠᠨ ᠴᠢᠷᠮᠠᠶᠢᠵᠤ᠂ ᠨᠡᠩ ᠰᠠᠶᠢᠨ ᠠᠮᠵᠢᠯᠲᠠ ᠣᠯᠬᠤ ᠪᠠᠷ ᠴᠢᠷᠮᠠᠶᠢᠨ᠎ᠠ᠃ | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |