ᠱᠠᠩᠳᠤ ᠰᠢᠶᠠᠨ᠄ ᠲᠠᠷᠢᠶᠠᠯᠠᠩ ᠤᠨ ᠮᠠᠰᠢᠨ ᠤ ᠦᠵᠡᠭᠦᠯᠦᠯᠭᠡ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/3/18
   ᠱᠢᠨ᠎ᠡ ᠨᠢᠭᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠳᠤ ᠪᠦᠬᠦ ᠬᠦᠴᠦᠨ ᠢᠶᠠᠷ ᠢᠶᠠᠨ ᠪᠡᠯᠡᠳ ᠬᠦ ᠶᠢᠨ ᠲᠥᠯᠥᠭᠡ᠂ ᠣᠢᠷ᠎ᠠ ᠶᠢᠨ ᠡᠳᠦᠷ᠂ ᠱᠠᠩᠳᠤ ᠱᠢᠶᠠᠩ ᠤ ᠶᠦᠨ ᠭᠤᠸᠠᠩ ᠲᠠᠷᠢᠶᠠᠯᠠᠩ ᠤᠨ ᠮᠠᠱᠢᠨ ᠤ ᠰᠠᠭᠤᠷᠢᠨ ᠭᠠᠵᠠᠷ ᠨᠢᠭᠡ ᠤᠳᠠᠭᠠᠨ ᠤ ᠬᠡᠪᠴᠢᠶ᠎ᠡ ᠪᠠᠷ ᠯᠤᠲᠤ ᠶᠡᠭᠡ ᠲᠠᠷᠢᠶᠠᠯᠠᠩ ᠤᠨ ᠮᠠᠱᠢᠨ ᠤ ᠳᠡᠯᠭᠡᠨ ᠪᠣᠷᠣᠯᠠᠭᠤᠯᠬᠤ ᠴᠤᠭᠯᠠᠭᠠᠨ ᠬᠢᠪᠡ᠃ ᠲᠣᠰ ᠠᠵᠢᠯᠯᠠᠭ᠎ᠠ ᠳᠤ ᠮᠠᠰᠢ ᠣᠯᠠᠨ ᠲᠠᠷᠢᠮᠠᠯ ᠤᠨ ᠲᠣᠮᠣ ᠡᠷᠦᠬᠡ ᠵᠢᠴᠢ ᠲᠠᠷᠢᠶᠠᠯᠠᠩ ᠤᠨ ᠬᠤᠷᠰᠢᠶ᠎ᠠ ᠶᠢᠨ ᠢᠳᠡᠪᠬᠢᠲᠡᠶ ᠣᠷᠣᠯᠴᠠᠬᠤ ᠶᠢ ᠲᠠᠲᠠᠪᠠ᠃ ᠳᠡᠯᠭᠡᠨ ᠪᠣᠷᠣᠯᠠᠭᠤᠯᠬᠤ ᠴᠤᠭᠯᠠᠭᠠᠨ ᠳᠡᠭᠡᠷ᠎ᠡ᠂ ᠲᠤᠰᠬᠠᠶ ᠮᠡᠷᠭᠡᠵᠢᠯ ᠤᠨ ᠠᠵᠢᠯᠲᠠᠳ ᠬᠤᠷᠠᠯ ᠳᠤ ᠣᠷᠣᠯᠴᠠᠵᠤ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠤ ᠴᠢᠳᠠᠮᠵᠢ ᠶᠢᠨ ᠣᠨᠴᠠᠯᠢᠭ᠂ ᠠᠵᠢᠯᠯᠠᠬᠤ ᠠᠷᠭ᠎ᠠ ᠵᠢᠴᠢ ᠠᠷᠠᠴᠢᠯᠠᠨ ᠬᠠᠮᠠᠭᠠᠯᠠᠬᠤ ᠵᠡᠷᠭᠡ ᠬᠡᠷᠡᠭᠯᠡᠭᠡᠨ ᠤ ᠮᠡᠳᠡᠯᠭᠡ ᠶᠢ ᠨᠠᠷᠢᠨ ᠨᠢᠮᠪᠠᠶ ᠲᠠᠨᠢᠯᠴᠠᠭᠤᠯᠵᠤ᠂ ᠥᠷᠭᠡᠨ ᠣᠯᠠᠨ ᠲᠠᠷᠢᠶᠠᠴᠢᠨ ᠨᠠᠶᠢᠵᠠ ᠨᠠᠷ ᠲᠤ ᠣᠳᠣᠬᠢᠴᠢᠯᠠᠭᠰᠠᠨ ᠲᠠᠷᠢᠶᠠᠯᠠᠩ ᠤᠨ ᠮᠧᠬᠠᠨᠢᠭ ᠤᠨ ᠬᠡᠷᠡᠭᠯᠡᠭᠡᠨ ᠤ ᠲᠤᠬᠠᠶ ᠨᠠᠩ ᠰᠢᠭᠤᠳ ᠪᠥᠭᠡᠳ ᠭᠦᠨᠵᠡᠭᠡᠶ ᠲᠠᠨᠢᠯᠲᠠ ᠲᠠᠢ ᠪᠣᠯᠭᠠᠵᠤ᠂ ᠬᠤᠶᠢᠰᠢᠳᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠱᠠᠩᠳᠤ ᠰᠢᠶᠠᠨ ᠤ ᠰᠢ ᠹᠠᠩ ᠲᠣᠰᠬᠤᠨ ᠤ ᠠᠷᠠᠳ ᠯᠢᠦ ᠷᠦᠨ ᠪᠢᠶᠣᠤ᠄ ︽ᠪᠢ ᠨᠡᠶᠢᠲᠡ 2000 ᠭᠠᠷᠤᠶ ᠮᠥ ᠳᠠᠷᠢᠵᠤ᠂ ᠥᠩᠭᠡᠷᠡᠭᠰᠡᠨ ᠳᠤ ᠬᠥᠯᠥᠰᠥᠯᠡᠭᠰᠡᠨ ᠮᠠᠰᠢᠨ ᠮᠧᠬᠠᠨᠢᠭ ᠢ ᠬᠢᠵᠦ᠂ ᠳᠠᠷᠠᠭ᠎ᠠ ᠨᠢ ᠥᠪᠡᠷ ᠢᠶᠠᠨ ᠶᠦᠨ ᠭᠠᠩ ᠲᠠᠷᠢᠶᠠᠯᠠᠩ ᠤᠨ ᠮᠠᠰᠢᠨ ᠠᠴᠠ ᠬᠤᠳᠠᠯᠳᠤᠨ ᠠᠪᠤᠭᠰᠠᠨ ᠮᠠᠰᠢᠨ ᠨᠢ ᠪᠠᠰᠠ ᠦᠷ᠎ᠡ ᠠᠰᠢᠭ ᠢ ᠳᠡᠭᠡᠭᠰᠢᠯᠡᠭᠦᠯᠵᠡᠶ᠂ ᠠᠰᠢᠭ ᠬᠤᠨᠵᠢᠪᠤᠷᠢ ᠨᠢ ᠴᠦ ᠠᠶᠠᠨᠳᠠᠭᠠᠨ ᠳᠠᠭᠠᠵᠤ ᠭᠠᠷᠴᠤ᠂ ᠥᠪᠡᠷ ᠤᠨ ᠥᠷᠲᠡᠭ ᠨᠢ ᠴᠦ ᠴᠤ ᠳᠣᠣᠷ᠎ᠠ ᠪᠣᠯᠵᠠᠶ᠃ ᠶᠦᠨ ᠭᠤᠸᠠᠩ ᠲᠠᠷᠢᠶᠠᠯᠠᠩ ᠤᠨ ᠮᠠᠰᠢᠨ ᠤ ᠬᠠᠷᠢᠭᠤᠴᠠᠯᠭᠠᠲᠠᠨ ᠳ᠋ᠢᠩ ᠽᠦᠸᠧ ᠵᠢᠶᠦ᠋ᠨ᠄ ︽ᠡᠨᠡ ᠤᠳᠠᠭᠠᠨ ᠤ ᠬᠠᠷᠠᠭᠠᠯᠵᠠᠯ ᠤᠨ ᠠᠵᠢᠯᠯᠠᠭ᠎ᠠ ᠶᠢᠨ ᠡᠷᠴᠢᠮ ᠨᠡᠯᠢᠶᠡᠳ ᠶᠡᠭᠡ᠂ ᠤᠳᠤᠷᠢᠳᠤᠯᠭ᠎ᠠ ᠭᠤᠶᠤᠴᠢᠯᠠᠬᠤ ᠪᠠᠷ ᠳᠠᠮᠵᠢᠨ᠂ ᠡᠨᠡ ᠬᠦ ᠦᠨ᠎ᠡ ᠶᠢ ᠪᠠᠭᠤᠯᠭᠠᠵᠤ ᠠᠪᠤᠭᠠᠳ᠂ ᠮᠠᠨ ᠤ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠴᠦ ᠠᠰᠢᠭ ᠬᠦᠷᠲᠡᠭᠡᠵᠦ᠂ ᠵᠠᠯᠭᠠᠭᠠᠳ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠲᠠᠯ᠎ᠠ ᠪᠠᠷ ᠪᠢᠳᠡ ᠪᠠᠰᠠ ᠬᠥᠮᠦᠨ ᠨᠡᠮᠡᠵᠦ᠂ ᠵᠠᠷᠢᠮ ᠠᠷᠠᠰᠤᠨ ᠠᠴᠢᠶᠠᠨ ᠤ ᠮᠠᠰᠢᠨ ᠢ ᠨᠡᠮᠡᠪᠡ᠂ ᠲᠠᠷᠢᠶᠠᠯᠠᠩ ᠤᠨ ᠬᠡᠷᠡᠭ ᠤᠨ ᠴᠠᠭ ᠬᠤᠭᠤᠴᠠᠭᠠᠲᠤ ᠴᠢᠨᠠᠷ ᠨᠡᠯᠢᠶᠡᠳ ᠴᠢᠩᠭ᠎ᠠ ᠪᠣᠯᠬᠤᠷ ᠪᠢᠳᠡ ᠠᠯᠢ ᠴᠢᠳᠠᠬᠤ ᠪᠠᠷ ᠲᠡᠷᠡ ᠳᠠᠷᠤᠢ ᠳᠤᠨᠢ ᠵᠣᠴᠢᠳ ᠲᠤ ᠤᠲᠠᠰᠤᠳᠠᠪᠠᠯ ᠳᠠᠷᠤᠶ ᠲᠠᠷᠢᠶᠠᠨ ᠭᠠᠵᠠᠷ ᠲᠤ ᠬᠦᠷᠴᠦ ᠵᠣᠴᠢᠳ ᠲᠤ ᠠᠰᠠᠭᠤᠳᠠᠯ ᠢ ᠰᠢᠢᠳᠪᠦᠷᠢᠯᠡᠵᠦ ᠥᠭᠭᠦᠨ᠎ᠡ︾ ᠭᠡᠵᠦ ᠬᠡᠯᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2