ᠱᠠᠩᠳᠤ ᠰᠢᠶᠠᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠠᠮᠵᠢᠯᠲᠠ ᠲᠠᠢ ᠡᠷᠬᠢᠯᠡᠵᠦ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠳᠠᠭᠠᠯᠠᠮᠵᠢ ᠶᠢᠨ ᠬᠥᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2025/3/18
    ᠵᠠᠰᠠᠭ ᠪᠠᠩᠬᠢ ᠠᠵᠤ ᠠᠬᠤᠢᠯᠠᠯ ᠢ ᠬᠠᠪᠰᠤᠷᠤᠨ ᠱᠢᠨ᠎ᠡ ᠵᠠᠮ ᠢ ᠨᠡᠭᠡᠭᠡᠵᠦ ᠮᠥᠩᠭᠦᠨ ᠭᠦᠢᠯᠭᠡᠭᠡᠨ ᠤ ᠠᠮᠢᠳᠤᠯᠢᠭ ᠬᠦᠴᠦᠨ ᠴᠢᠳᠠᠯ ᠢᠶᠠᠷ ᠢᠷᠡᠭᠡᠳᠦᠢ ᠶᠢ ᠴᠣᠭᠴᠠᠯᠠᠶ᠎ᠠ᠃ 3 ᠰᠠᠷ᠎ᠠ ᠶᠢᠨ 15 ᠤ ᠡᠳᠦᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠠᠭᠠᠨᠴᠠᠪ ᠬᠤᠳᠠ ᠶᠢᠨ ᠬᠤᠪᠢᠶᠠᠷᠢ ᠪᠠᠩᠬᠢ ᠬᠠᠮᠲᠤᠪᠠᠷ ᠱᠠᠩᠳᠤ ᠰᠢᠶᠠᠨ ᠤ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠡᠷᠬᠢᠯᠡᠪᠡ᠃ ᠱᠠᠩᠳᠤ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠪᠣᠳᠠᠲᠠᠶ ᠳᠠᠭᠠᠭᠠᠴᠢᠯᠠᠨ ᠡᠷᠬᠢᠯᠡᠨ᠎ᠡ᠃ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠠᠭᠠᠨᠴᠠᠪ ᠬᠤᠳᠠ ᠶᠢᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠴᠠᠩ ᠵᠤᠤ ᠴᠦᠨ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠢᠦ ᠵᠢᠶᠦ᠋ᠨ ᠵᠢᠶᠧ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠴᠢᠦ ᠵᠢᠶᠦ᠋ᠨ ᠵᠢᠶᠧ ᠬᠤᠷᠠᠯ ᠳᠡᠭᠡᠷ᠎ᠡ᠂ ᠲᠤᠰ ᠤᠳᠠᠭ᠎ᠠ ᠶᠢᠨ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠨ ᠲᠠᠯ᠎ᠠ ᠶᠢᠨ ᠤᠯᠤᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠬᠥᠷᠥᠩᠭᠡ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢᠨ ᠲᠥᠯᠥᠭᠡ ᠶᠤᠮ᠃ ᠪᠠᠩᠬᠢ᠂ ᠠᠵᠤ ᠠᠬᠤᠶᠢᠯᠠᠯ ᠤᠨ ᠬᠢᠨ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠪᠦᠬᠦ ᠲᠠᠯ᠎ᠠ ᠶᠢᠨ᠂ ᠤᠷᠳᠤ ᠬᠤᠭᠤᠴᠠᠭᠠᠨ ᠤ᠂ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠠᠬᠢᠭᠤᠯᠬᠤ᠂ ᠬᠠᠮᠲᠤ ᠪᠠᠷ ᠬᠥᠭᠵᠢᠬᠦ᠂ ᠤᠯᠠᠨ ᠲᠠᠯ᠎ᠠ ᠪᠠᠷ ᠬᠠᠮᠲᠤ ᠪᠠᠷ ᠠᠰᠢᠭ ᠬᠦᠷᠳᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠮᠤᠭᠠᠢ ᠶᠢᠨ ᠠᠶᠠᠯᠠᠯ ᠤᠨ ᠲᠦᠮᠡᠨ ᠭᠠᠵᠠᠷ ᠤᠨ ᠡᠷᠴᠢ ᠵᠣᠷᠢᠭ ᠢᠶᠠᠷ ᠠᠵᠢᠯ ᠢᠶᠠᠨ ᠡᠬᠢᠯᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠪᠠᠷ ︽ᠪᠦᠬᠦ ᠵᠢᠯ ᠤᠨ ᠰᠠᠶᠢᠨ ᠰᠠᠶᠢᠬᠠᠨ︾ ᠢ ᠲᠠᠶᠢᠴᠢᠯᠠᠬᠤ ᠶᠢ ᠬᠦᠰᠡᠵᠦ ᠪᠠᠶᠢᠨ᠎ᠠ ᠭᠡᠵᠡᠢ᠃ ᠴᠠᠩ ᠵᠤᠤ ᠴᠦᠨ ᠬᠤᠷᠠᠯ ᠳᠡᠭᠡᠷ᠎ᠡ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠭᠤᠣᠯ ᠬᠦᠴᠦᠨ ᠪᠤᠯᠵᠤ᠂ ᠪᠡᠯᠡ ᠲᠣᠬᠢᠷᠠᠭᠤᠯᠭ᠎ᠠ ᠶᠢᠨ ᠬᠠᠩᠭᠠᠯᠭ᠎ᠠ ᠶᠢ ᠨᠡᠮᠡᠭᠳᠡᠭᠦᠯᠬᠦ᠂ ᠪᠡᠯᠡ ᠲᠣᠬᠢᠷᠠᠭᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ᠂ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠬᠤ ᠵᠡᠷᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠨᠡᠩ ᠤᠯᠠᠨ ᠡᠬᠢ ᠪᠠᠶᠠᠯᠢᠭ ᠨᠡᠮᠡᠷᠢᠯᠡᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2